ᠮᠠᠨ ᠤ ᠬᠤᠲᠠ ᠷᠦᠢ ᠰᠢᠩ ᠵᠢᠯ ᠳᠤ 30 ᠲᠦᠮᠡᠨ ᠲᠣᠨ ᠳᠡᠭᠡᠳᠦ ᠲᠠᠰ ᠤᠨ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/4/28
   4 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠷᠦᠢ ᠰᠢᠩ ᠵᠢᠯ ᠳᠤ 30 ᠲᠦᠮᠡᠨ ᠲᠣᠨ ᠤ ᠳᠡᠭᠡᠳᠦ ᠲᠠᠰ ᠤᠨ ᠤᠷᠢᠳᠴᠢᠯᠠᠨ ᠬᠠᠭᠰᠠᠭᠠᠬᠤ ᠠᠷᠭ᠎ᠠ ᠲᠦᠢᠯ ᠤᠨ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠶᠠᠪᠤᠭᠤᠯᠵᠤ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠨᠢᠦ ᠸᠧᠨ ᠵᠢᠶᠦ᠋ᠨ᠂ ᠮᠠᠨ ᠤ ᠬᠤᠲᠠ ᠶᠢᠨ ᠤᠳᠤᠷᠢᠳᠤᠯᠭ᠎ᠠ ᠭᠤᠤ ᠵᠢᠶ ᠶᠧ᠂ ᠵᠢᠢ ᠬᠠᠶ ᠶᠠᠩ᠂ ᠵᠧᠦ ᠬᠠᠶ ᠮᠢᠨ᠂ ᠱᠠᠨ ᠯᠢᠶᠠᠨ ᠾᠧᠩ᠂ ᠯᠢᠦ ᠽᠧᠩ ᠰᠢ᠂ ᠰᠥᠩ ᠴᠢ ᠵᠧ᠂ ᠰᠦᠨ ᠸᠧᠶ ᠨᠠᠨ᠂ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠡᠷᠬᠢᠯᠡᠭᠴᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠰᠦᠨ ᠬᠤᠸᠠᠢ ᠵᠢᠶᠠᠩ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠥᠪᠥᠷ ᠮᠣᠩᠭᠤᠯ ᠤᠨ ᠷᠦᠢ ᠰᠢᠩ ᠴᠠᠬᠢᠯᠭᠠᠨ ᠬᠦᠴᠦᠨ ᠤ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ ᠬᠤᠪᠢᠶᠠᠷᠢ ᠺᠣᠮᠫᠠᠨᠢ᠂ ᠵᠡᠭᠦᠨ ᠬᠤᠶᠢᠲᠤ ᠶᠢᠨ ᠶᠡᠭᠡ ᠰᠤᠷᠭᠠᠭᠤᠯᠢ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ᠂ ᠮᠧᠩ ᠱᠠᠩ ᠪᠠᠩᠬᠢ ᠶᠢᠨ ᠲᠦᠩᠯᠢᠶᠣᠤ ᠶᠢᠨ ᠬᠤᠪᠢᠶᠠᠷᠢ ᠪᠠᠩᠬᠢ ᠵᠡᠷᠭᠡ ᠬᠠᠮᠢᠶ᠎ᠠ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃

   ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠷᠦᠢ ᠰᠢᠩ ᠴᠠᠬᠢᠯᠭᠠᠨ ᠬᠦᠴᠦᠨ ᠤ ᠨᠡᠭᠦᠷᠡᠰᠦᠲᠥ᠋ᠷᠥᠭᠴᠢ ᠶᠢᠨ

ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯ ᠡᠬᠢᠯᠡᠭᠦᠯᠦᠭᠰᠡᠨ ᠲᠥᠷᠥᠯ

ᠵᠦᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠳᠡᠳ᠋

ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠲᠥᠷᠥᠯ ᠵᠦᠢᠯ ᠤᠨ ᠠᠵᠢᠯ ᠡᠬᠢᠯᠡᠬᠦ

ᠶᠣᠰᠣᠯᠠᠯ ᠳᠤ ᠪᠠᠶᠠᠷ ᠤᠨ ᠦᠭᠡ ᠬᠡᠯᠡᠵᠦ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋

ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠲᠥᠷᠥᠯ ᠵᠦᠢᠯ ᠤᠨ

ᠠᠵᠢᠯ ᠡᠬᠢᠯᠡᠭᠰᠡᠨ ᠢ ᠵᠠᠷᠯᠠᠪᠠ᠃ ᠵᠢᠢ ᠬᠠᠢ ᠶᠠᠩ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠲᠣᠰ

ᠲᠥᠷᠥᠯ ᠵᠦᠢᠯ ᠢ ᠠᠮᠵᠢᠯᠲᠠ ᠲᠠᠢ ᠨᠠᠶᠢᠳᠠᠪᠤᠷᠢᠵᠢᠭᠤᠯᠬᠤ ᠨᠢ ᠬᠤᠤᠯᠢᠩᠭᠤᠤᠯ ᠤᠨ ᠭᠠᠵᠠᠷ ᠣᠷᠣᠨ ᠤ ᠬᠦᠩᠭᠡᠨᠴᠠᠭᠠᠨ

ᠬᠡᠷᠡᠭᠯᠡᠬᠦ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠭᠦᠢᠴᠡᠳ ᠬᠠᠩᠭᠠᠵᠤ᠂ ᠮᠠᠨ ᠤ

ᠬᠤᠲᠠ ᠶᠢᠨ ᠪᠣᠬᠢᠷᠲᠤᠯ ᠥᠬᠡᠶ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ

ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃

ᠢᠷᠡᠭᠡᠳᠦᠢ ᠶᠢᠨ ᠬᠥᠭᠵᠢᠯᠲᠡ ᠳᠤᠮᠳᠠ᠂ ᠥᠩᠭᠡᠷᠡᠭᠰᠡᠨ ᠲᠠᠢ ᠪᠠᠨ ᠠᠳᠠᠯᠢ ᠪᠠᠷ ᠵᠣᠬᠢᠴᠠᠭᠤᠯᠭ᠎ᠠ ᠪᠠ

ᠦᠢᠯᠡᠴᠢᠯᠡᠭᠡ ᠪᠠᠨ ᠴᠢᠩᠭᠠᠳᠬᠠᠵᠤ᠂ ᠬᠠᠮᠤᠭ ᠤᠨ ᠰᠢᠯᠢᠳᠡᠭ ᠣᠷᠴᠢᠨ ᠲᠣᠭᠤᠷᠢᠨ ᠢ ᠪᠤᠢ ᠪᠣᠯᠭᠠᠵᠤ᠂ ᠠᠵᠤ

ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠨ ᠳᠡᠮᠵᠢᠨ᠎ᠡ᠃ ᠡᠭᠦᠨ ᠤ ᠬᠠᠮᠲᠤ᠂ ᠺᠣᠮᠫᠠᠨᠢ

ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠤᠭᠤᠯᠤᠨ ᠪᠠᠶᠢᠷᠢᠯᠠᠭᠤᠯᠵᠤ

᠂ ᠪᠠᠷᠢᠯᠭ᠎ᠠ ᠶᠢᠨ ᠠᠵᠢᠯ ᠢᠶᠠᠨ ᠵᠢᠷᠤᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠪᠥᠬᠦ

ᠬᠦᠴᠦᠨ ᠢᠶᠠᠷ ᠢᠶᠠᠨ ᠲᠦᠷᠭᠡᠳᠬᠡᠵᠦ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ

ᠬᠠᠮᠲᠤ ᠪᠠᠷ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠶ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号