ᠲᠦᠩᠯᠢᠶᠣᠤ ᠬᠤᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠷᠠᠰᠢᠶᠠᠨ ᠬᠤᠲᠠ ᠳᠤ ᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/28
     4 ᠰᠠᠷ᠎ᠠ ᠶᠢᠨ 27 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠠᠷᠠᠳ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠶᠠᠩ ᠲᠢᠶᠧ ᠪᠦᠦ ᠨᠠᠷ ᠮᠠᠨ ᠤ ᠬᠤᠲᠠ ᠳᠤ ᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ᠃ ᠮᠠᠨ ᠤ ᠬᠤᠲᠠ ᠶᠢᠨ ᠤᠳᠤᠷᠢᠳᠤᠯᠭ᠎ᠠ ᠰᠢᠤᠢ ᠸᠧᠨ ᠵᠢᠶᠧ᠂ ᠰᠥᠩ ᠴᠢ ᠵᠧ ᠵᠢᠴᠢ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠯᠢᠶᠠᠩ ᠲᠢᠶᠧ ᠪᠦᠦ ᠨᠠᠷ ᠤᠷᠢᠳ ᠬᠤᠵᠢᠳ ᠰᠢᠨ᠎ᠡ ᠯᠢᠦ ᠱᠢ ᠳ᠋ᠦᠩ ᠨᠡᠶᠢᠭᠡᠮ ᠲᠣᠭᠤᠷᠢᠭ᠂ ᠨᠢᠭᠡᠳᠦᠭᠡᠷ ᠪᠠᠭ᠎ᠠ ᠰᠤᠷᠭᠠᠭᠤᠯᠢ᠂ ᠨᠥᠬᠦᠷᠯᠡᠯ ᠨᠡᠶᠢᠭᠡᠮ ᠲᠣᠭᠤᠷᠢᠭ᠂ ᠪᠠᠶᠢᠴᠠᠭᠠᠬᠤ ᠬᠤᠷᠢᠶ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠭᠠᠵᠠᠷ ᠲᠤ ᠬᠦᠷᠴᠦ᠂ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠨᠠᠷᠢᠨ ᠣᠶᠢᠯᠠᠭᠠᠬᠤ ᠶᠢᠨ ᠬᠠᠮᠲᠤ ᠭᠤᠤᠯᠳᠠᠯᠭ᠎ᠠ ᠶᠢ ᠲᠣᠳᠣᠷᠬᠠᠶ ᠲᠠᠶᠢᠯᠪᠤᠷᠢᠯᠠᠬᠤ᠂ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠲᠠᠯ᠎ᠠ ᠪᠠᠷ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ ᠪᠠᠶᠢᠴᠠᠭᠠᠨ ᠰᠤᠳᠤᠯᠤᠯᠲᠠ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠦᠨᠳᠦᠰᠦᠨ ᠱᠠᠲᠤᠨ ᠤ ᠵᠠᠰᠠᠯᠲᠠ᠂ ᠰᠤᠷᠭᠠᠭᠤᠯᠢ ᠶᠢᠨ ᠰᠤᠷᠭᠠᠨ ᠬᠥᠮᠦᠵᠢᠯ᠂ ᠰᠣᠶᠣᠯ ᠤᠬᠠᠭᠤᠯᠭ᠎ᠠ ᠵᠡᠷᠭᠡ ᠡᠯ᠎ᠡ ᠬᠦᠷᠢᠶᠡᠨ ᠳᠤ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠶᠢ ᠭᠦᠢᠴᠡᠳ ᠪᠠᠬᠢᠵᠢᠭᠦᠯᠬᠦ ᠬᠡᠷᠡᠭᠲᠡᠶ᠃ ᠭᠤᠣᠯᠳᠠᠯᠭ᠎ᠠ ᠨᠢ ᠲᠤᠪᠤᠶᠢᠮ᠎ᠠ᠂ ᠣᠨᠴᠠᠯᠢᠭ ᠨᠢ ᠢᠯᠡ ᠲᠣᠳᠣ ᠪᠠᠶᠢᠵᠤ᠂ ᠣᠷᠣᠨ ᠨᠤᠲᠤᠭ ᠤᠨ ᠢᠯᠭᠠᠨ ᠲᠠᠨᠢᠬᠤ ᠬᠡᠮᠵᠢᠶ᠎ᠡ ᠲᠠᠢ ᠡᠭᠦᠳᠦᠨ ᠪᠠᠶᠢᠭᠤᠯᠬᠤ ᠲᠦᠷᠦᠯ ᠲᠡᠮᠳᠡᠭ ᠢ ᠪᠠᠶᠢᠭᠤᠯᠤᠨ ᠪᠦᠷᠢᠯᠳᠦᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠰᠣᠶᠣᠯ ᠤᠨ ᠠᠵᠢᠯᠯᠠᠭ᠎ᠠ ᠶᠢ ᠨᠡᠩ ᠢᠳᠡᠪᠬᠢᠲᠡᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠬᠠᠮᠠᠭᠠᠯᠠᠬᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠦ ᠱᠠᠭᠠᠷᠳᠠᠵᠠᠢ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号