5 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠵᠤ᠂ ᠬᠤᠳᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠵᠧ ᠬᠤᠸᠠ ᠬᠤᠷᠠᠯ ᠢ | ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ | ᠲᠤᠰᠬᠠᠶ ᠠᠩᠭᠢ ᠶᠢᠨ ᠳᠠᠷᠤᠮᠠᠯᠯᠠᠨ ᠲᠠᠷᠬᠠᠭᠠᠭᠰᠠᠨ ︽ᠠᠰᠠᠭᠤᠳᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ | ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠳᠡᠭᠡᠷ᠎ᠡ᠂ 15 ᠲᠥᠯᠥᠭᠡᠯᠡᠭᠴᠢ ᠭᠡᠰᠢᠭᠦᠨ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠦᠨᠳᠦᠰᠦᠨ | ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠷᠠᠳ ᠲᠤ ᠪᠣᠳᠠᠲᠤ ᠶᠠᠪᠤᠳᠠᠯ ᠬᠢᠵᠦ ᠥᠭᠬᠦ ᠵᠡᠷᠭᠡ | ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠯᠢᠦ ᠵᠧ ᠬᠤᠸᠠ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ | ᠲᠥᠯᠥᠭᠡᠯᠡᠭᠴᠢ ᠭᠡᠰᠢᠭᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠠᠨ ᠤ ᠳᠤᠷᠠᠳᠤᠭᠰᠠᠨ ᠰᠠᠨᠠᠯ | ᠰᠠᠨᠠᠭᠤᠯᠭ᠎ᠠ ᠶᠢ ᠵᠤᠷᠪᠤᠰ ᠳᠠᠷᠠᠭᠠᠯᠠᠨ ᠡᠮᠬᠢᠯᠡᠵᠦ᠂ ᠨᠠᠷᠢᠨ ᠬᠢᠨᠠᠮᠠᠭᠠᠢ ᠰᠤᠳᠤᠯᠵᠤ᠂ ᠭᠦᠢᠴᠡᠳ ᠰᠢᠩᠭᠡᠭᠡᠨ ᠠᠪᠴᠤ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠦᠷᠭᠡᠨ ᠲᠣᠭᠲᠠᠭᠠᠵᠤ᠂ ᠰᠤᠷᠤᠯᠴᠠᠯᠭ᠎ᠠ ᠬᠥᠮᠦᠵᠢᠯ ᠤᠨ ᠨᠡᠩ | ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ |