ᠦᠷᠭᠦᠯᠵᠢᠯᠡᠨ ᠰᠢᠨᠵᠢᠯᠡᠬᠦ ᠤᠬᠠᠭᠠᠨᠴᠢ ᠪᠠᠷ ᠢᠣᠳ᠋ ᠨᠥᠬᠦᠪᠥᠷᠢᠯᠡᠵᠦ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/5/20
   ᠡᠨᠡ ᠡᠳᠦᠷ ᠪᠣᠯ ᠪᠦᠬᠦ ᠤᠯᠤᠰ ᠤᠨ 32 ᠳ᠋ᠤᠭᠠᠷ ︽ᠢᠣᠳ᠋ ᠳᠤᠲᠠᠭᠳᠠᠬᠤ ᠡᠪᠡᠳ᠋ᠴᠢᠨ ᠢ ᠰᠡᠷᠭᠡᠶᠢᠯᠡᠨ ᠵᠠᠰᠠᠬᠤ ᠡᠳᠦᠷ︾ ᠮᠥᠨ᠃ 5 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠲᠦᠩᠯᠢᠶᠣᠤ ᠶᠢᠨ ᠳᠠᠪᠤᠰᠤᠨ ᠤ ᠦᠢᠯᠡᠰ ᠤᠨ ᠺᠣᠮᠫᠠᠨᠢ ᠶᠢᠨ ᠬᠤᠤᠯᠢᠩᠭᠤᠤᠯ ᠬᠤᠲᠠ ᠶᠢᠨ ᠲᠤᠬᠢᠷᠠᠭᠤᠯᠤᠨ ᠬᠦᠷᠭᠡᠬᠦ ᠲᠥᠪ ᠪᠦᠦ ᠾᠧᠩ ᠬᠤᠳᠠᠯᠳᠤᠭᠠᠨ ᠤ ᠲᠠᠯᠠᠪᠠᠶ ᠳᠤ ︽ᠰᠢᠨᠵᠢᠯᠡᠬᠦ ᠤᠬᠠᠭᠠᠨᠴᠢ ᠪᠠᠷ ᠢᠣᠳ᠋  ᠨᠦᠬᠦᠪᠦᠷᠢᠯᠡᠬᠦ ᠠᠮᠢ ᠨᠠᠰᠤ ᠬᠠᠮᠤᠭ ᠤᠨ ᠲᠦᠷᠦᠭᠦᠨ ᠳᠤ 1000 ᠡᠳᠦᠷ︾ ᠢᠶᠠᠷ ᠭᠤᠤᠯ ᠰᠡᠳᠦᠪ ᠪᠣᠯᠭᠠᠭᠰᠠᠨ ᠢᠣᠳ᠋ ᠳᠤᠲᠠᠭᠳᠠᠬᠤ ᠡᠪᠡᠳᠴᠢᠨ ᠢ ᠰᠡᠷᠭᠡᠶᠢᠯᠡᠨ ᠵᠠᠰᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠪᠡ᠃

   ᠲᠣᠰ ᠠᠵᠢᠯᠯᠠᠭ᠎ᠠ ᠶᠢ ᠬᠥᠨᠳᠡᠯᠡᠨ ᠪᠢᠴᠢᠭᠡᠰᠦ ᠡᠯᠭᠦᠬᠦ᠂ ᠲᠤᠬᠠᠶ ᠶᠢᠨ ᠲᠠᠯᠠᠪᠤᠷ ᠲᠤ ᠤᠬᠠᠭᠤᠯᠬᠤ᠂ ᠠᠰᠠᠭᠤᠨ

ᠯᠠᠪᠯᠠᠬᠤ ᠳᠤ ᠬᠠᠷᠢᠭᠤᠯᠲᠠ ᠥᠭᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ

ᠮᠠᠶ᠋ᠢᠭ ᠢᠶᠠᠷ ᠥᠷᠨᠢᠭᠦᠯᠵᠦ᠂ ᠠᠵᠢᠯᠲᠠᠳ ᠣᠯᠠᠨ ᠲᠦᠮᠡᠨ ᠳᠤ ᠢᠣᠳ᠋ ᠳᠤᠲᠠᠭᠳᠠᠬᠤ ᠡᠪᠡᠳᠴᠢᠨ ᠤ ᠬᠥᠮᠦᠨ ᠤ ᠪᠡᠶ᠎ᠡ

ᠢᠯᠠᠩᠭᠤᠶ᠎ᠠ ᠵᠢᠷᠮᠦᠰᠦᠨ ᠡᠮᠡᠭᠲᠡᠶ᠂ ᠬᠡᠤᠬᠡᠳ ᠤᠨ ᠣᠶᠤᠨ ᠤᠬᠠᠭᠠᠨ ᠪᠠ ᠪᠡᠶ᠎ᠡ ᠮᠠᠬᠠᠪᠣᠳ ᠤᠨ ᠪᠤᠶᠢᠵᠢᠯᠲᠠ ᠶᠢᠨ

ᠬᠤᠤᠷ ᠬᠥᠨᠥᠭᠡᠯ ᠢ ᠨᠠᠷᠢᠨ ᠲᠠᠶᠢᠯᠪᠤᠷᠢᠯᠠᠨ ᠥᠭᠴᠦ᠂ ᠰᠢᠨᠵᠢᠯᠡᠬᠦ ᠤᠬᠠᠭᠠᠨᠴᠢ ᠪᠠᠷ ᠰᠣᠩᠭᠤᠨ ᠬᠤᠳᠠᠯᠳᠤᠨ ᠠᠪᠬᠤ

ᠪᠠ ᠢᠳᠡᠰᠢᠨ ᠤ ᠢᠣᠳ᠋ᠲᠤ ᠳᠠᠪᠤᠰᠤ ᠬᠡᠷᠡᠭᠯᠡᠬᠦ ᠠᠷᠭ᠎ᠠ ᠶᠢ ᠲᠦᠭᠡᠮᠡᠯᠵᠢᠭᠦᠯᠬᠦ ᠶᠢᠨ ᠬᠠᠮᠲᠤ ᠣᠯᠠᠨ ᠲᠦᠮᠡᠨ ᠤ

ᠠᠩᠬᠠᠷᠴᠤ ᠪᠠᠶᠢᠭ᠎ᠠ ︽ᠦᠨᠡᠨ ᠬᠠᠭᠤᠷᠮᠠᠭ ᠢᠣᠳ᠋ᠲᠤ ᠳᠠᠪᠤᠰᠤ ᠬᠡᠷᠬᠢᠨ ᠢᠯᠭᠠᠨ ᠲᠠᠨᠢᠬᠤ ᠪᠣᠶ︾ ︽ᠠᠯᠢᠪᠠ

ᠬᠥᠮᠦᠰ ᠴᠥᠮ ᠢᠣᠳ᠋ᠲᠤ ᠳᠠᠪᠤᠰᠤ ᠢᠳᠡᠬᠦ ᠳᠤ ᠳᠣᠭᠢᠷᠠᠬᠤ︾ ᠵᠡᠷᠭᠡ ᠠᠰᠠᠭᠤᠳᠠᠯ ᠳᠤ ᠴᠢᠭᠯᠡᠭᠦᠯᠦᠨ

ᠬᠦᠯᠢᠴᠡᠩᠭᠦᠶ ᠪᠠᠷ ᠬᠠᠷᠢᠭᠤᠯᠲᠠ ᠥᠭᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 600 ᠭᠠᠷᠤᠶ ᠬᠤᠪᠢ

ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃

   ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠢᠣᠳ᠋

ᠳᠤᠲᠠᠭᠳᠠᠬᠤ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ

ᠲᠦᠮᠡᠨ ᠤ ᠰᠢᠨᠵᠢᠯᠡᠬᠦ ᠤᠬᠠᠭᠠᠨᠴᠢ ᠪᠠᠷ ᠢᠣᠳ᠋ ᠨᠥᠬᠦᠪᠥᠷᠢᠯᠡᠬᠦ ᠤᠬᠠᠮᠰᠠᠷ ᠢ ᠴᠢᠩᠭᠠᠷᠠᠭᠤᠯᠤᠨ᠂ ᠢᠣᠳ᠋ ᠳᠤᠲᠠᠭᠳᠠᠬᠤ

ᠡᠪᠡᠳᠴᠢᠨ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠥᠬᠦ ᠠᠷᠠᠳ ᠤᠨ

ᠡᠷᠡᠭᠦᠯ ᠮᠡᠨᠳᠦ ᠶᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号