ᠬᠤᠤᠯᠢᠩᠭᠤᠤᠯ ᠬᠤᠲᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠤᠬᠠᠭᠤᠯᠤᠨ ᠲᠠᠶᠢᠯᠪᠤᠷᠢᠯᠠᠬᠤ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠣᠷᠣᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/23
  ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 22 ᠤᠨ ᠡᠳᠦᠷ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠮᠦᠰᠦᠲᠠᠢ ᠵᠡᠭᠡᠯᠢ ᠭᠤᠳᠤᠮᠵᠢ᠂ ᠬᠤᠤ ᠯᠢᠨ ᠨᠡᠶᠢᠭᠡᠮ ᠲᠣᠭᠤᠷᠢᠭ ᠲᠠᠢ ᠬᠠᠮᠲᠤᠷᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠤᠬᠠᠭᠤᠯᠤᠨ ᠲᠠᠶᠢᠯᠪᠤᠷᠢᠯᠠᠬᠤ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠣᠷᠣᠬᠤ ᠠᠵᠢᠯᠯᠠᠭ᠎ᠠ ᠥᠷᠨᠢᠭᠦᠯᠪᠡ᠃

   ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ

ᠰᠤᠷᠭᠠᠭᠤᠯᠢ ᠶᠢᠨ ᠳᠡᠭᠡᠳᠦ ᠲᠠᠰ ᠤᠨ ᠯᠧᠺᠲ᠋ᠣᠷ ᠪᠦᠦ ᠶᠦᠩ ᠯᠢ ︽ᠨᠠᠮ ᠤᠨ ᠠᠴᠢ ᠶᠢ ᠮᠡᠳᠡᠷᠡᠵᠦ᠂ ᠨᠠᠮ ᠤᠨ

ᠦᠭᠡ ᠶᠢ ᠰᠣᠨᠣᠰᠴᠤ ᠨᠠᠮ ᠢᠶᠠᠨ ᠳᠠᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠪᠠᠬᠢ ᠪᠣᠶ ᠪᠣᠯᠭᠠᠬᠤ︾ ᠪᠠᠷ ᠭᠤᠤᠯ ᠰᠡᠳᠦᠪ ᠪᠣᠯᠭᠠᠵᠤ᠂ ᠱᠠᠰᠢᠨ ᠰᠤᠷᠲᠠᠬᠤᠨ ᠤ ᠡᠲᠡᠭᠡᠳ ᠤᠨ

ᠲᠥᠯᠥᠭᠡᠯᠡᠭᠴᠢ ᠬᠥᠮᠦᠰ ᠪᠣᠯᠤᠨ ᠱᠠᠰᠢᠨ ᠰᠢᠲᠦᠳᠡᠭ ᠣᠯᠠᠨ ᠲᠦᠮᠡᠨ ᠳᠤ ᠦᠵᠡᠯ ᠰᠠᠨᠠᠭ᠎ᠠ ᠪᠣᠯᠤᠨ ᠵᠣᠷᠢᠭ

ᠰᠠᠨᠠᠭᠠᠨ ᠤ ᠲᠠᠯ᠎ᠠ ᠪᠠᠷ ᠭᠦᠨᠵᠡᠭᠡᠶ ᠤᠬᠢᠶᠠᠯ ᠬᠦᠷᠲᠡᠭᠡᠪᠡ᠃

   ᠤᠯᠠᠨ ᠢᠶᠠᠷ ᠢᠶᠠᠨ᠂ ᠡᠷᠬᠡᠪᠰᠢ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ

ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ

ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ

ᠪᠣᠯᠭᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂

ᠱᠠᠰᠢᠨ ᠰᠤᠷᠲᠠᠬᠤᠨ ᠤ ᠬᠦᠷᠢᠶᠡᠨ ᠤ ᠡᠶ᠎ᠡ ᠵᠣᠬᠢᠴᠠᠩᠭᠤᠢ ᠲᠣᠭᠲᠠᠭᠤᠨ ᠢ ᠤᠬᠠᠮᠰᠠᠷ ᠠᠴᠠ ᠪᠠᠨ ᠬᠠᠮᠠᠭᠠᠯᠠᠵᠤ᠂

ᠥᠷᠭᠡᠨ ᠤᠯᠠᠨ ᠱᠠᠰᠢᠨ ᠰᠢᠲᠦᠳᠡᠭ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠮᠲᠤ ᠪᠠᠷ ᠮᠠᠨ ᠤ

ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠱᠠᠰᠢᠨ ᠰᠤᠷᠲᠠᠬᠤᠨ ᠤ ᠡᠲᠡᠭᠡᠳ ᠤᠨ ᠬᠦᠴᠦᠨ ᠴᠢᠳᠠᠯ ᠢᠶᠠᠨ

ᠡᠷᠭᠦᠨ᠎ᠡ ᠭᠡᠵᠦ ᠢᠯᠡᠳᠬᠡᠵᠡᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号