ᠬᠤᠲᠠ ᠶᠢᠨ ᠨᠢᠭᠡᠳᠦᠮᠡᠯ ᠹᠷᠣᠨᠲ ᠤᠨ ᠰᠢᠰᠲ᠋ᠧᠮ ᠤᠨ ᠪᠠᠶᠢᠭᠤᠯᠭ᠎ᠠ ᠨᠠᠮ ᠤᠨ ᠡᠭᠦᠷ ᠲᠠᠢ ᠬᠠᠮᠲᠤᠷᠠᠨ ︽ᠰᠠᠬᠢᠯᠭ᠎ᠠ ᠪᠠᠲᠤ ᠬᠠᠤᠯᠢ ᠴᠠᠭᠠᠵᠠ ᠪᠠᠷ ᠬᠠᠮᠠᠭᠠᠯᠠᠬᠤ ᠠᠷᠢᠭᠤᠨ ᠴᠢᠬᠡᠴᠢ ᠬᠠᠮᠲᠤ ᠤᠷᠤᠭᠰᠢᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/23
    ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠶᠢᠨ ᠲᠥᠯᠥᠭᠡ᠂ 5 ᠰᠠᠷ᠎ᠠ ᠶᠢᠨ 21 ᠤ ᠡᠳᠦᠷ᠂ ᠨᠢᠭᠡᠳᠦᠮᠡᠯ ᠹᠷᠣᠨᠲ ᠤᠨ ᠰᠢᠰᠲ᠋ᠧᠮ ᠤᠨ ᠪᠠᠶᠢᠭᠤᠯᠭ᠎ᠠ ᠶᠢᠨ ᠨᠠᠮ ᠤᠨ ᠡᠭᠦᠷ ᠲᠠᠢ ᠬᠠᠮᠲᠤᠷᠠᠨ ︽ᠰᠠᠬᠢᠯᠭ᠎ᠠ ᠪᠠᠲᠤ ᠬᠠᠤᠯᠢ ᠴᠠᠭᠠᠵᠠ ᠶᠢ ᠬᠠᠮᠠᠭᠠᠯᠠᠵᠤ · ᠠᠷᠢᠭᠤᠨ ᠴᠢᠬᠡᠴᠢ ᠠᠵᠢᠯ ᠨᠢᠭᠡᠳᠡᠢ︾ ᠭᠡᠬᠦ ᠭᠤᠣᠯ ᠰᠡᠳᠦᠪᠲᠦ ᠦᠵᠡᠭᠦᠯᠭᠡ - ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠦᠵᠡᠰᠬᠦᠯᠡᠩ ᠳᠤ ᠡᠯᠪᠡᠭ ᠪᠠᠶᠠᠯᠢᠭ ᠵᠢᠷᠤᠭ ᠪᠢᠴᠢᠭ ᠮᠠᠲ᠋ᠧᠷᠢᠶᠠᠯ᠂ ᠨᠠᠷᠢᠨ ᠪᠣᠳᠠᠲᠠᠶ ᠲᠤᠭ᠎ᠠ ᠪᠠᠷᠢᠮᠲᠠ ᠪᠠ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠴᠢᠬᠤᠯᠠ ᠶᠡᠭᠡ ᠠᠴᠢ ᠬᠤᠯᠪᠣᠭᠳᠠᠯ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠢᠴᠢ ᠨᠠᠮ ᠤᠨ ᠰᠤᠷᠲᠠᠯ ᠵᠠᠰᠠᠭ ᠤᠨ ᠰᠤᠷᠲᠠᠯ ᠠᠴᠠ ᠪᠣᠯᠤᠭᠰᠠᠨ ᠭᠦᠨᠵᠡᠭᠡᠶ ᠬᠤᠪᠢᠷᠠᠯᠲᠠ ᠶᠢ ᠪᠥᠬᠦ ᠲᠠᠯ᠎ᠠ ᠪᠠᠷ ᠳᠡᠯᠭᠡᠨ ᠦᠵᠡᠭᠦᠯᠪᠡ᠃

   ᠲᠣᠭᠤᠷᠢᠨ ᠦᠵᠡᠬᠦ ᠶᠠᠪᠤᠴᠠ ᠳᠤ᠂ ᠺᠠᠳ᠋ᠷ ᠠᠵᠢᠯᠲᠠᠨ ᠠᠵᠢᠯᠴᠢᠨ ᠳᠡᠯᠭᠡᠨ ᠦᠵᠡᠭᠦᠯᠬᠦ ᠬᠡᠰᠡᠭ ᠨᠢᠭᠡᠪᠦᠷᠢ ᠶᠢ

ᠨᠠᠷᠢᠨ ᠬᠢᠨᠠᠮᠠᠭᠠᠢ ᠦᠵᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ

ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠤᠪᠠ᠃ ᠲᠣᠭᠤᠷᠢᠨ ᠦᠵᠡᠵᠦ ᠳᠠᠭᠤᠰᠤᠭᠰᠠᠨ ᠤ ᠲᠠᠷᠠᠭ᠎ᠠ᠂

ᠤᠯᠠᠨ ᠢᠶᠠᠷ ᠢᠶᠠᠨ᠂ ᠲᠤᠰ ᠤᠳᠠᠭ᠎ᠠ ᠶᠢᠨ ᠲᠣᠭᠤᠷᠢᠨ ᠦᠵᠡᠵᠦ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂

ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ

ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ

ᠪᠠᠲᠤ ᠶᠢᠨ ᠰᠢᠳᠬᠡᠯ ᠥᠭᠬᠦ ᠲᠦᠷᠢᠮ︾ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂

ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号