5 ᠰᠠᠷ᠎ᠠ ᠶᠢᠨ 21 ᠤ ᠡᠳᠦᠷ᠂ ᠲᠦᠩᠯᠢᠶᠣᠤ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠬᠤ᠋ ᠶᠦᠩ ᠨᠠᠷ ᠬᠤᠤᠯᠢᠩᠭᠤᠤᠯ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠭᠦᠨᠵᠡᠭᠡᠶᠢᠷᠡᠨ ᠠᠷᠪᠠᠨ ᠬᠤᠶᠠᠳᠤᠭᠠᠷ ᠪᠦᠯᠦᠭ ᠤᠨ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ | ᠨᠢᠭᠡᠴᠡ ᠳᠤ ᠠᠩᠬ᠎ᠠ ᠠᠯᠬᠤᠮ ᠤᠨ ᠰᠢᠯᠭᠠᠨ ᠪᠠᠶᠢᠴᠠᠭᠠᠯᠲᠠ ᠥᠷᠨᠢᠭᠦᠯᠬᠦ ᠪᠠᠷ ᠪᠠᠶᠢᠭ᠎ᠠ ᠠᠵᠢᠯ ᠢ ᠥᠷᠨᠢᠭᠦᠯᠪᠡ᠃ | ᠠᠩᠬ᠎ᠠ ᠰᠢᠯᠭᠠᠨ ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠬᠤ᠂ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠠᠩᠰᠠ | ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠤᠯᠢᠩᠭᠤᠤᠯ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠳᠤ ᠠᠩᠬ᠎ᠠ ᠠᠯᠬᠤᠮ ᠤᠨ ᠰᠢᠯᠭᠠᠨ ᠪᠠᠶᠢᠴᠠᠭᠠᠯᠲᠠ ᠬᠢᠪᠠ᠃ ᠠᠩᠬ᠎ᠠ ᠰᠢᠯᠭᠠᠨ ᠪᠠᠶᠢᠴᠠᠭᠠᠬᠤ | ᠳᠤᠭᠤᠶᠢᠯᠠᠩ ᠤᠨ ᠬᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠢᠯᠠᠰ ᠴᠡᠭ ᠢ ᠨᠠᠷᠢᠨ ᠣᠶᠢᠯᠠᠭᠠᠵᠤ | ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠷᠭ᠎ᠠ ᠬᠢᠳᠡᠯ ᠢ ᠨᠠᠷᠢᠨ ᠣᠶᠢᠯᠠᠭᠠᠪᠠ᠃ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠴᠠᠭᠳᠠᠭᠠᠨ ᠤ ᠰᠡᠳᠬᠢᠯ ᠬᠠᠮᠳᠦ ᠶᠢᠨ ᠤᠬᠠᠮᠰᠠᠷ ᠢ ᠴᠤᠭᠴᠠᠯᠠᠨ | ᠬᠥᠬᠡ ᠣᠭᠲᠠᠷᠭᠤᠶ ᠶᠢᠨ ᠨᠠᠭᠠᠨ᠎ᠠ ᠠᠨᠠᠷ ᠤᠨ ᠤᠯᠠᠭᠠᠨ ᠭᠢᠯᠠᠯᠵᠠᠬᠤ︾ ᠨᠠᠷᠠᠲᠤ ᠲᠡᠮᠳᠡᠭᠲᠦ ᠶᠢ ᠪᠣᠶ ᠪᠣᠯᠭᠠᠭᠰᠠᠨ ᠢ | ᠭᠦᠢᠴᠡᠳ ᠨᠤᠲᠠᠯᠠᠬᠤ ᠶᠢᠨ ᠬᠠᠮᠲᠤ ᠲᠡᠭᠦᠨ ᠢ ᠲᠦᠩᠯᠢᠶᠣᠤ ᠬᠤᠲᠠ ᠶᠢᠨ ︽ᠬᠠᠷᠢᠯᠴᠠᠨ ᠰᠢᠭᠢᠳᠦᠨ ᠬᠥᠭᠵᠢᠭᠦᠯᠬᠦ︾ | ᠲᠤᠷᠰᠢᠯᠲᠠ ᠶᠢᠨ ᠨᠢᠭᠡᠴᠡ ᠶᠢᠨ ᠲᠣᠪᠤᠶᠢᠮ᠎ᠠ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ ᠨᠤᠲᠠᠯᠠᠪᠠ᠃ ᠡᠭᠦᠨ ᠤ | ᠬᠠᠮᠲᠤ ᠲᠠᠷᠠᠭᠠᠴᠢ ᠶᠢᠨ ᠠᠯᠬᠤᠮ ᠤᠨ ᠡᠭᠦᠳᠦᠨ ᠪᠠᠶᠢᠭᠤᠯᠬᠤ ᠠᠵᠢᠯ ᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠤᠬᠠᠶ | ᠰᠠᠨᠠᠯ ᠪᠠ ᠰᠠᠨᠠᠭᠤᠯᠭ᠎ᠠ ᠳᠤᠷᠠᠳᠪᠠ᠃ ᠠᠩᠬ᠎ᠠ ᠰᠢᠯᠭᠠᠨ ᠪᠠᠶᠢᠴᠠᠭᠠᠬᠤ ᠳᠤᠭᠤᠶᠢᠯᠠᠩ ᠭᠤᠷᠪᠠᠨ ᠱᠠᠭᠠᠷᠳᠠᠯᠭ᠎ᠠ | ᠳᠤᠷᠠᠳᠪᠠ᠄ ᠨᠢᠭᠡ ᠳᠤ᠂ ᠭᠤᠣᠯ ᠱᠤᠭᠤᠮ ᠤᠨ ᠤᠬᠠᠮᠰᠠᠷ ᠢᠶᠠᠨ ᠴᠢᠩᠭᠠᠳᠬᠠᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠪᠦᠬᠦ ᠶᠠᠪᠤᠴᠠ ᠳᠤ ᠭᠦᠨᠵᠡᠭᠡᠢ ᠠᠭᠤᠰᠤᠯᠴᠠᠭᠤᠯᠵᠤ᠂ ᠠᠷᠠᠳ ᠤᠨ ᠲᠥᠯᠥᠭᠡ ᠬᠠᠤᠯᠢ | ᠬᠡᠷᠡᠭᠵᠢᠭᠦᠯᠬᠦ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠵᠤ᠂ ᠬᠢᠯᠢ ᠬᠢᠵᠠᠭᠠᠷ ᠤᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ | ᠬᠤᠶᠠᠷ ᠲᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠳᠣᠲᠣᠭᠠᠳᠤ ᠶᠢ | ᠬᠠᠮᠠᠭᠠᠯᠠᠬᠤ ᠹᠷᠣᠨᠲ ᠳᠡᠭᠡᠷᠡᠬᠢ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠦᠷᠭᠦᠯᠵᠢᠯᠡᠨ ᠠᠭᠤᠳᠠᠯᠵᠤ᠂ ︽ | ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ︾ ᠶᠢᠨ ᠲᠤᠷᠰᠢᠯᠭ᠎ᠠ ᠶᠢ ᠪᠣᠯᠪᠠᠰᠤᠷᠠᠭᠤᠯᠤᠨ᠂ ᠨᠠᠩ ᠶᠡᠭᠡ | ᠨᠥᠯᠥᠭᠡᠯᠡᠬᠦ ᠬᠦᠴᠦᠨ ᠲᠠᠢ ᠵᠢᠱᠢᠶ᠎ᠡ ᠦᠵᠡᠭᠦᠯᠬᠦ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠪᠥᠬᠦ ᠣᠷᠣᠨ ᠳᠤ | ᠬᠠᠭᠤᠯᠪᠤᠷᠢᠯᠠᠵᠤ ᠪᠣᠯᠬᠤ ︽ᠬᠤᠤᠯᠢᠩᠭᠤᠤᠯ ᠬᠤᠲᠠ ᠶᠢᠨ ᠥᠯᠢᠭᠡᠷ ᠬᠡᠪ︾ ᠢ ᠬᠠᠩᠭᠠᠨ᠎ᠠ᠃ ᠭᠤᠷᠪᠠ ᠳᠤ᠂ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ᠎ᠠ᠃ ︽ᠠᠷᠠᠳ ᠤᠨ ᠬᠦᠰᠡᠯ ᠱᠠᠭᠠᠷᠳᠠᠯᠭ᠎ᠠ ᠶᠢ | ᠪᠡᠶᠡᠯᠡᠭᠦᠯᠬᠦ︾ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠲᠠᠢ ᠤᠶᠠᠯᠳᠤᠭᠤᠯᠤᠨ᠂ ᠡᠭᠦᠳᠦᠨ ᠪᠠᠶᠢᠭᠤᠯᠬᠤ | ᠠᠵᠢᠯ ᠬᠢᠭᠡᠳ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠠᠵᠤ ᠠᠬᠤᠶ ᠶᠢᠨ ᠬᠥᠭᠵᠢᠯᠲᠡ ᠶᠢᠨ ᠬᠠᠮᠵᠢᠯᠴᠠᠭ᠎ᠠ ᠶᠢ | ᠵᠡᠷᠭᠡᠪᠡᠷ ᠠᠬᠢᠭᠤᠯᠬᠤ ᠶᠢ ᠠᠬᠢᠭᠤᠯᠵᠤ᠂ ᠨᠠᠩ ᠥᠨᠳᠥᠷ ᠪᠠᠷᠢᠮᠵᠢᠶ᠎ᠠ ᠪᠠᠷ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ ᠭᠡᠪᠡ᠃ | | | | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ | ᠰᠢᠤᠢ ᠸᠧᠨ ᠵᠢᠶᠧ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠽᠧᠩ ᠰᠢ ᠵᠢᠴᠢ | ᠬᠤᠲᠠ ᠶᠢᠨ ᠠᠷᠠᠳ ᠤᠨ ᠵᠥᠪᠯᠡᠯ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠪᠠ᠃ | | | | | | | | |