ᠮᠧᠩ ᠰᠢᠶᠠᠨ ᠳ᠋ᠦᠩ ᠬᠤᠤᠯᠢᠩᠭᠤᠤᠯ ᠬᠤᠲᠠ ᠳᠤ ᠬᠦᠷᠴᠦ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠨᠡᠭᠦᠷᠡᠰᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/26
     5 ᠰᠠᠷ᠎ᠠ ᠶᠢᠨ 25 ᠤ ᠡᠳᠦᠷ᠂ ᠮᠧᠩ ᠰᠢᠶᠠᠨ ᠳ᠋ᠦᠩ ᠬᠤᠤᠯᠢᠩᠭᠤᠤᠯ ᠬᠤᠲᠠ ᠳᠤ ᠬᠦᠷᠴᠦ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠨᠡᠭᠦᠷᠡᠰᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃       ᠶᠢᠨ ᠯᠢᠶᠠᠨ ᠬᠦᠩᠭᠡᠨᠴᠠᠭᠠᠨ ᠤ ᠮᠠᠲ᠋ᠧᠷᠢᠶᠠᠯ ᠳᠤ᠂ ᠮᠧᠩ ᠰᠢᠶᠠᠨ ᠳ᠋ᠦᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠬᠦᠭᠡᠷᠦᠮᠵᠢ ᠶᠢᠨ ᠠᠵᠢᠯᠯᠠᠭᠠᠨ ᠪᠠ ᠲᠤᠭ᠎ᠠ ᠪᠠᠷᠢᠮᠲᠠ ᠶᠢ ᠲᠤᠬᠠᠶ ᠶᠢᠨ ᠲᠠᠯᠠᠪᠠᠶ ᠳᠤ ᠪᠠᠶᠢᠴᠠᠭᠠᠨ ᠦᠵᠡᠵᠦ᠂ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠰᠢᠰᠲ᠋ᠧᠮ ᠢ ᠥᠭᠡᠷᠡᠴᠢᠯᠡᠬᠦ ᠲᠥᠷᠥᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠶᠢᠯᠠᠯ ᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠵᠣᠷᠢᠭ ᠰᠢᠭᠤᠳᠴᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠲᠦᠷᠭᠡᠨ ᠬᠥᠳᠡᠯᠦᠯᠴᠡᠨ᠂ ᠣᠷᠣᠭᠤᠯᠤᠯᠲᠠ ᠶᠢᠨ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠮᠡᠷᠭᠡᠵᠢᠯ ᠤᠨ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠵᠦ᠂ ᠬᠠᠷᠢᠭᠤᠴᠠᠯᠭ᠎ᠠ ᠲᠠᠢ ᠠᠵᠤ ᠠᠬᠤᠶᠢᠯᠠᠯ ᠤᠨ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠬᠦ ᠬᠡᠷᠡᠭᠲᠡᠶ ᠭᠡᠵᠦ ᠵᠠᠬᠢᠭᠰᠠᠨ ᠪᠠᠶᠢᠨ᠎ᠠ︔ ᠲᠤᠬᠠᠶ ᠶᠢᠨ ᠭᠠᠵᠠᠷ ᠣᠷᠣᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠠᠷᠢᠶ᠎ᠠ ᠭᠠᠵᠠᠷ ᠤᠨ ᠬᠠᠮᠢᠶᠠᠷᠤᠯᠲᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠶᠢ ᠴᠢᠩᠭ᠎ᠠ ᠠᠳᠬᠤᠵᠤ᠂ ᠠᠮᠢ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠨᠠᠩ ᠰᠠᠶᠢᠨ ᠰᠠᠶᠢᠬᠠᠨ ᠠᠮᠢ ᠠᠬᠤᠶ ᠶᠢᠨ ᠬᠡᠷ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠶ ᠭᠡᠵᠦ ᠱᠠᠭᠠᠷᠳᠠᠪᠠ᠃    ᠡᠮᠦᠨ᠎ᠡ ᠵᠠᠳᠠᠭᠠᠢ ᠨᠡᠭᠦᠷᠡᠰᠦᠨ ᠠᠭᠤᠷᠬᠠᠢ ᠶᠢᠨ ᠬᠡᠮᠵᠢᠶ᠎ᠡ ᠲᠠᠢ ᠲᠡᠷᠭᠡᠨ ᠦᠷᠳᠡᠭᠡ ᠶᠢ ᠪᠠᠶᠢᠴᠠᠭᠠᠨ ᠦᠵᠡᠭᠰᠡᠨ ᠤ ᠲᠠᠷᠠᠭ᠎ᠠ᠂ ᠮᠧᠩ ᠰᠢᠶᠠᠨ ᠳ᠋ᠦᠩ ᠠᠵᠤ ᠠᠬᠤᠶᠢᠯᠠᠯ ᠲᠠᠢ ᠭᠦᠨᠵᠡᠭᠡᠢ ᠶᠠᠷᠢᠯᠴᠠᠨ ᠰᠣᠯᠢᠯᠴᠠᠵᠤ᠂ ᠣᠳᠣᠬᠠᠨ ᠤ ᠨᠡᠭᠦᠷᠡᠰᠦᠨ ᠤ ᠠᠵᠢᠯ ᠲᠦᠷᠦᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ ᠂ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠦᠴᠢᠷᠳᠡᠯᠲᠡᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠲᠡᠷᠡ᠂ ᠨᠡᠭᠦᠷᠡᠰᠦᠨ ᠤ ᠠᠵᠤ ᠠᠬᠤᠶᠢᠯᠠᠯ ᠤᠨ ᠬᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠨᠡᠭᠦᠷᠡᠰᠦᠨ ᠤ ᠦᠨ᠎ᠡ ᠬᠠᠩᠰᠢ ᠶᠢᠨ ᠬᠡᠯᠪᠡᠯᠵᠡᠯ ᠳᠤ ᠣᠶᠤᠨᠴᠢ ᠪᠠᠷ ᠬᠠᠨᠳᠤᠵᠤ᠂ ᠦᠢᠯᠡᠳᠪᠦᠷᠢᠯᠡᠯ ᠡᠵᠡᠩᠨᠡᠯᠲᠡ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠤᠳᠠ ᠶᠢᠨ ᠬᠡᠪᠴᠢᠶ᠎ᠡ ᠵᠢᠴᠢ ᠡᠷᠬᠢᠨ ᠲᠣᠭᠤᠷᠢᠨ ᠤ ᠨᠡᠭᠦᠷᠡᠰᠦᠨ ᠤ ᠬᠡᠷᠡᠭᠴᠡᠭᠡ ᠶᠢ ᠪᠦᠲᠦᠮᠵᠢᠲᠡᠢ ᠵᠣᠯᠭᠠᠭᠤᠯᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠲᠣᠭᠲᠠᠭᠤᠨ ᠢᠶᠠᠷ ᠵᠣᠯᠭᠠᠭᠤᠯᠬᠤ᠂ ᠠᠰᠢᠭ ᠲᠤᠰᠠ ᠶᠢ ᠨᠢᠭᠲᠠ ᠬᠤᠯᠪᠣᠭᠳᠠᠭᠤᠯᠤᠭᠰᠠᠨ ᠨᠡᠭᠦᠷᠡᠰᠦᠨ ᠤ ᠠᠵᠢᠯ ᠲᠦᠷᠦᠯ ᠤᠨ ᠬᠡᠯᠬᠢᠶ᠎ᠡ ᠶᠢ ᠢᠳᠡᠪᠬᠢᠲᠡᠢ ᠡᠭᠦᠳᠴᠦ ᠂ ᠲᠣᠭᠲᠠᠭᠤᠨ ᠢᠶᠠᠷ ᠠᠵᠢᠯᠯᠠᠬᠤ᠂ ᠡᠷᠡᠭᠦᠯ ᠢᠶᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠥᠷᠨᠢᠭᠦᠯᠬᠦ ᠪᠠᠷ ᠭᠠᠷᠳᠠᠴᠠ ᠪᠣᠯᠭᠠᠵᠤ᠂ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠨᠡᠭᠦᠷᠡᠰᠦ ᠬᠡᠷᠡᠭᠯᠡᠬᠦ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠬᠠᠩᠭᠠᠯᠭ᠎ᠠ ᠬᠡᠷᠡᠭᠴᠡᠭᠡ ᠶᠢᠨ ᠲᠠᠪᠴᠠᠩ ᠪᠠᠶᠢᠭᠤᠯᠵᠤ᠂ ᠦᠢᠯᠡᠳᠪᠦᠷᠢᠯᠡᠯ ᠬᠡᠷᠡᠭᠴᠡᠭᠡ ᠶᠢ ᠵᠣᠯᠭᠠᠭᠤᠯᠬᠤ ᠶᠢ ᠰᠠᠶᠢᠲᠤᠷ ᠬᠢᠵᠦ᠂ ᠨᠡᠭᠦᠷᠡᠰᠦᠨ ᠤ ᠠᠵᠤ ᠠᠬᠤᠶᠢᠯᠠᠯ ᠪᠣᠯᠤᠨ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠳᠤ ᠬᠦᠴᠦᠨ ᠨᠡᠮᠡᠷᠢᠯᠡᠵᠦ᠂ ᠨᠡᠭᠦᠷᠡᠰᠦᠨ ᠤ ᠠᠵᠤ ᠦᠢᠯᠡᠰ ᠪᠣᠯᠤᠨ ᠭᠠᠵᠠᠷ ᠣᠷᠣᠨ ᠤ ᠪᠤᠰᠤᠳ ᠭᠤᠣᠯᠯᠠᠬᠤ ᠠᠵᠤ ᠦᠢᠯᠡᠰ ᠤᠨ ᠬᠠᠮᠲᠤ ᠪᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠮᠡᠷᠭᠡᠨᠪᠠᠲᠤ᠂ ᠪᠠᠢ ᠯᠢ ᠵᠦ᠂ ᠭᠤᠤ ᠵᠢᠢ ᠶᠧ ᠣᠷᠣᠯᠴᠠᠪᠠ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号