ᠯᠢ ᠴᠢᠶᠠᠩ ᠴᠣᠬᠤᠯᠠᠪᠤᠷᠢ ᠥᠭᠴᠡᠢ  ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 29 ᠤ ᠴᠠᠬᠢᠯᠭᠠᠨ ᠮᠡᠳᠡᠭᠡ  4 ᠰᠠᠷ᠎ᠠ ᠶᠢᠨ 29 ᠤ ᠡᠳᠦᠷ ᠤᠨ 12 ᠴᠠᠭ 25 ᠮᠢᠨᠦ᠋ᠲ ᠲᠤ ᠯᠢᠶᠣᠤᠨᠢᠩ ᠤᠨ ᠯᠢᠶᠣᠣᠶᠠᠩ ᠬᠤᠲᠠ ᠶᠢᠨ ᠪᠠᠶᠢᠲ᠋ᠠ ᠲᠣᠭᠤᠷᠢᠭ ᠤᠨ ᠰᠠᠨ ᠯᠢ ᠵᠤᠸᠠᠩ ᠳᠠᠬᠢ ᠪᠤᠴᠠᠭᠠᠵᠤ ᠨᠡᠭᠦᠯᠭᠡᠭᠰᠡᠨ ᠠᠰᠠᠷ ᠤᠨ ᠣᠶᠢᠷᠠᠯᠴᠠᠭᠠᠬᠢ ᠨᠢᠭᠡᠨ ᠬᠤᠭᠤᠯᠠᠨ ᠭᠡᠷ ᠲᠤ ᠭᠠᠯ ᠭᠠᠷᠴᠠᠢ᠃ 14 ᠴᠠᠭ ᠪᠣᠯᠲᠠᠯ᠎ᠠ᠂ 22 ᠬᠥᠮᠥᠨ ᠠᠳᠡᠵᠦ᠂ 3 ᠬᠥᠮᠥᠨ ᠰᠢᠷᠬᠠᠲᠤᠭᠠᠳ ᠪᠠᠶᠢᠨ᠎ᠠ᠃  ᠠᠳᠡᠯ ᠭᠠᠷᠤᠭᠰᠠᠨ ᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠡᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠭᠡᠲᠤ ᠬᠡᠮᠵᠢᠶ᠎ᠠ ᠪᠠᠷ ᠴᠢᠬᠤᠯᠠᠴᠢᠯᠠᠭᠰᠠᠨ ᠪᠦᠭᠡᠳ ᠴᠢᠬᠤᠯᠠ ᠵᠢᠭᠠᠪᠤᠷᠢ ᠦᠭᠴᠤ᠂ ᠯᠢᠶᠣᠣᠨᠢᠩ ᠮᠤᠵᠢ ᠶᠢᠨ ᠯᠢᠶᠣᠣᠶᠠᠩ ᠬᠤᠲᠠ ᠶᠢᠨ ᠪᠠᠶᠢᠲ᠋ᠠ ᠲᠣᠭᠤᠷᠢᠭ ᠤᠨ ᠨᠢᠭᠡᠨ ᠬᠤᠭᠤᠯᠠᠨ ᠭᠡᠷ ᠲᠤ ᠭᠠᠯ ᠤᠨ ᠭᠠᠮᠰᠢᠭ ᠭᠠᠷᠴᠤ ᠬᠦᠮᠤᠨ ᠬᠠᠷ᠎ᠠ ᠶᠡᠭᠡ ᠪᠠᠷ ᠠᠳᠡᠵᠦ ᠰᠢᠷᠬᠠᠲᠤᠵᠤ᠂ ᠮᠠᠰᠢ ᠬᠦᠨᠵᠡᠭᠡᠢ ᠰᠤᠷᠭᠠᠮᠵᠢ ᠪᠣᠯᠤᠯ᠎ᠠ︕ ᠰᠢᠷᠬᠠᠲᠤᠭᠰᠠᠳ ᠢ ᠪᠦᠬᠦ ᠬᠦᠴᠤ ᠪᠠᠷ ᠢᠶᠠᠨ ᠠᠪᠤᠷᠠᠨ ᠡᠮᠨᠠᠵᠤ᠂ ᠠᠳᠡᠭᠰᠡᠳ ᠤᠨ ᠬᠤᠶᠢᠳᠦᠬᠢ ᠶᠠᠪᠤᠳᠠᠯ ᠵᠢᠴᠢ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠠᠵᠢᠯ ᠢ ᠲᠣᠬᠢᠲᠠᠢ ᠰᠠᠶᠢᠲᠤᠷ ᠬᠢᠵᠦ᠂ ᠰᠢᠯᠳᠠᠭᠠᠨ ᠢ ᠨᠢ ᠳᠠᠷᠤᠢ ᠲᠦᠷᠭᠡᠨ ᠪᠠᠶᠢᠴᠠᠭᠠᠨ ᠲᠤᠳᠤᠯᠠᠵᠤ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠡᠭᠦ ᠬᠡᠷᠡᠭᠳᠡᠢ ᠭᠡᠵᠤ ᠵᠢᠭᠠᠵᠤ ᠭᠠᠷᠭᠠᠪᠠ᠃  ᠰᠢ ᠶᠢᠨ ᠫᠢᠩ᠂ ︽5 · 1︾ ᠤ ᠠᠮᠠᠷᠡᠯᠲᠠ ᠤᠳᠠᠯ ᠦᠭᠡᠢ ᠬᠦᠷᠴᠤ ᠢᠳᠡᠬᠦ ᠪᠣᠯᠤᠯ᠎ᠠ᠂ ᠤᠯᠠᠨ ᠲᠦᠮᠡᠨ ᠭᠠᠳᠠᠭᠰᠢ ᠭᠠᠷᠴᠤ ᠵᠢᠭᠤᠯᠴᠢᠯᠠᠬᠤ ᠣᠯᠠᠰᠢᠷᠠᠵᠤ᠂ ᠠᠮᠠᠷᠠᠯᠲᠠ ᠶᠢᠨ ᠡᠳᠤᠷ ᠤᠨ ᠠᠵᠢᠯᠯᠠᠭ᠎ᠠ ᠲᠦᠪᠯᠠᠷᠡᠬᠦ ᠪᠣᠯᠣᠨ᠎ᠠ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤᠷ ᠲᠥᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢᠨ ᠭᠡᠮ ᠰᠤᠭᠤᠭ ᠢ ᠵᠢᠭᠰᠠᠭᠠᠨ ᠪᠠᠶᠢᠴᠠᠭᠠᠵᠤ᠂ ᠬᠦᠨᠲᠤ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠥᠪᠰᠢᠨ ᠪᠣᠯᠤᠨ ᠨᠡᠶᠢᠭᠡᠮ ᠤᠨ ᠶᠡᠭᠡ ᠲᠠᠯ᠎ᠡ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃  ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠠᠷᠤᠩᠬᠡᠢ ᠰᠠᠶᠢᠳ ᠯᠢ ᠴᠢᠶᠠᠩ ᠴᠤᠬᠤᠯᠠᠪᠤᠷᠢ ᠥᠭᠴᠤ᠂ ᠬᠦᠮᠤᠰ ᠢ ᠪᠦᠬᠦ ᠬᠦᠴᠤ ᠪᠠᠷ ᠢᠶᠠᠨ ᠡᠷᠢᠵᠤ ᠠᠪᠤᠷᠠᠬᠤ ᠪᠠ ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠵᠣᠬᠢᠶᠠᠨ ᠪᠠᠶᠢᠭᠤᠯᠵᠤ᠂ ᠠᠳᠡᠭᠰᠡᠳ ᠤᠨ ᠬᠤᠶᠢᠲᠦᠬᠢ ᠶᠠᠪᠤᠳᠠᠯ ᠵᠠᠷᠭᠡ ᠠᠵᠢᠯ ᠢ ᠲᠣᠬᠢᠲᠠᠢ ᠰᠠᠶᠢᠲᠤᠷ ᠬᠢᠬᠦ ᠶᠢᠨ ᠬᠠᠮᠲᠤ ᠠᠳᠡᠯ ᠤᠨ ᠰᠢᠯᠳᠠᠭᠠᠨ ᠢ ᠱᠠᠯᠠᠪᠳᠠᠨ ᠪᠠᠶᠢᠴᠠᠭᠠᠨ ᠲᠤᠳᠤᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠠᠬᠦ ᠬᠡᠷᠡᠭᠳᠠᠢ᠃ ᠤᠳᠤᠬᠠᠨ ᠳᠤ ︽5 · 1︾ ᠤ ᠠᠮᠠᠷᠠᠯᠲᠠ ᠣᠶᠢᠷᠠᠳᠴᠤ ᠪᠠᠶᠢᠨ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠤᠷᠢᠯᠡᠯ ᠤᠨ ᠵᠥᠪᠯᠡᠯ ᠠᠴᠠ ᠡᠯ᠎ᠡ ᠭᠠᠵᠠᠷ ᠡᠯ᠎ᠡ ᠬᠤᠯᠪᠣᠭᠳᠠᠯ ᠪᠦᠭᠦᠢ ᠲᠠᠯ᠎ᠡ ᠶᠢᠨ ᠬᠢᠨ ᠤ ᠠᠮᠤᠷ ᠲᠥᠪᠰᠢᠨ ᠤ ᠬᠡᠮ ᠰᠤᠭᠤᠭ ᠢ ᠬᠦᠨᠵᠡᠭᠡᠢ ᠵᠢᠭᠰᠠᠭᠠᠨ ᠪᠠᠶᠢᠴᠠᠭᠠᠬᠤ ᠶᠢ ᠵᠢᠯᠤᠭᠤᠳᠤᠨ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠤᠯ ᠤᠨ ᠬᠦᠨᠲᠤ ᠣᠨᠴᠠ ᠶᠡᠭᠡ ᠠᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠳᠡᠢ ᠭᠡᠵᠦ ᠵᠢᠭᠠᠵᠤ ᠭᠠᠷᠭᠠᠪᠠ᠃  ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠢᠭᠡᠨᠳᠠ ᠠᠵᠢᠯᠯᠠᠬᠤ ᠲᠤᠭᠤᠶᠢᠯᠠᠩ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠳᠤᠷ ᠬᠢᠬᠦ ᠶᠢ ᠵᠢᠭᠠᠨ ᠵᠢᠯᠤᠭᠤᠳᠪᠠ᠃ ᠯᠢᠶᠣᠤᠨᠢᠩ ᠮᠤᠵᠢ᠂ ᠯᠢᠶᠣᠣᠶᠠᠩ ᠬᠤᠲᠠ ᠨᠢᠭᠡᠨᠲᠡ ᠬᠦᠴᠤᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠣᠰᠡᠯᠠᠵᠤ ᠰᠢᠢᠳᠪᠦᠷᠢᠯᠡᠬᠦ ᠠᠵᠢᠯ ᠥᠷᠨᠢᠭᠦᠯᠪᠡ᠃ ᠣᠳᠣᠬᠠᠨ ᠳᠤ ᠲᠤᠬᠠᠢ ᠶᠢᠨ ᠲᠠᠯᠠᠪᠠᠢ ᠳᠤ ᠠᠪᠤᠷᠠᠨ ᠲᠣᠰᠠᠯᠠᠬᠤ᠂ ᠬᠤᠶᠢᠳᠦᠬᠢ ᠶᠠᠪᠤᠳᠠᠯ ᠢ ᠰᠢᠢᠳᠪᠦ
ᠨᠡᠶᠢᠲᠡᠯᠡᠭᠰᠡᠨ ᠴᠠᠭ᠄
2025/5/6
    ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 29 ᠤ ᠴᠠᠭᠢᠯᠭᠠᠨ ᠮᠡᠳᠡᠭᠡ  4 ᠰᠠᠷ᠎ᠠ ᠶᠢᠨ 29 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠠᠯᠲᠠᠨ ᠲᠣᠭᠤᠰᠭ᠋᠎ᠠ ᠤᠯᠤᠰ ᠤᠳ ᠤᠨ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠳᠤ ᠠᠶᠢᠯᠴᠢᠯᠠᠬᠤ ᠶᠢᠨ ᠬᠠᠮᠲᠤ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋ ᠲᠠᠢ ᠠᠭᠤᠯᠵᠠᠪᠠ᠃

  4 ᠰᠠᠷ᠎ᠠ ᠶᠢᠨ 29 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠠᠯᠲᠠᠨ

ᠲᠣᠭᠤᠰᠭ᠋᠎ᠠ ᠤᠯᠤᠰ ᠤᠳ ᠤᠨ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠳᠤ ᠠᠶᠢᠯᠴᠢᠯᠠᠬᠤ ᠶᠢᠨ ᠬᠠᠮᠲᠤ ᠰᠢᠨ᠎ᠡ

ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋ ᠲᠠᠢ ᠠᠭᠤᠯᠵᠠᠪᠠ᠃

  ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ

  ᠰᠢ ᠶᠢᠨ ᠫᠢᠩ ᠢ ᠬᠦᠷᠬᠦ ᠦᠶ᠎ᠡ ᠳᠤ᠂ ᠯᠦᠸᠧᠰᠠᠶᠢᠹᠦ᠋ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ 4 ᠳᠡᠳ᠋

ᠳᠠᠷᠤᠭ᠎ᠠ ᠵᠢᠴᠢ ᠠᠵᠢᠯᠲᠠᠳ ᠢᠶᠠᠨ ᠳᠠᠭᠠᠭᠤᠯᠤᠨ ᠬᠠᠯᠠᠭᠤᠨ ᠢᠶᠠᠷ ᠤᠭᠲᠤᠪᠠ᠃

  ᠰᠢ ᠶᠢᠨ ᠫᠢᠩ ᠯᠦᠸᠧᠰᠠᠶᠢᠹᠦ᠋ ᠶᠢᠨ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠪᠠᠷ ᠳᠠᠬᠢᠨᠲᠠ

ᠰᠣᠩᠭᠤᠭᠳᠠᠭᠰᠠᠨ ᠳᠤ ᠪᠠᠶᠠᠷ ᠬᠦᠷᠭᠡᠪᠡ᠃ ᠰᠢ ᠶᠢᠨ ᠫᠢᠩ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠪᠣᠯ

ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠨ ᠡᠭᠦᠳᠦᠨ ᠪᠠᠶᠢᠭᠤᠯᠤᠭᠰᠠᠨ

ᠪᠥᠭᠡᠳ ᠭᠤᠣᠯᠯᠠᠨ ᠤᠳᠤᠷᠢᠳᠤᠭᠰᠠᠨ ᠠᠩᠬᠠᠳᠠᠭᠴᠢ ᠤᠯᠠᠨ ᠲᠠᠯᠠᠲᠤ ᠨᠡᠭᠡᠭᠡᠨ ᠬᠥᠭᠵᠢᠭᠦᠯᠦᠯᠲᠡ ᠶᠢᠨ ᠪᠠᠶᠢᠭᠤᠯᠤᠮᠵᠢ

ᠪᠣᠯᠣᠨ᠎ᠠ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ

ᠡᠭᠦᠳᠦᠯᠲᠡ ᠪᠣᠯᠣᠨ᠎ᠠ᠂ ᠪᠦᠭᠦ ᠪᠥᠮᠪᠥᠷᠴᠡᠭ ᠤᠨ ᠵᠠᠰᠠᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠡᠦᠬᠡ ᠶᠢᠨ ᠤᠷᠤᠰᠬᠠᠯ ᠳᠤ

ᠵᠣᠬᠢᠴᠠᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠰᠢᠰᠲ᠋ᠧᠮ ᠳᠠᠬᠢ ᠰᠢᠨ᠎ᠡ ᠪᠠᠷ ᠮᠠᠨᠳᠤᠭᠰᠠᠨ ᠬᠦᠴᠦᠨ ᠪᠣᠯᠣᠨ

ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭᠠᠨ ᠤ ᠠᠯᠳᠠᠨ ᠦᠰᠦᠭᠲᠦ ᠫᠠᠶᠢᠰᠠ ᠪᠣᠯᠵᠤ

ᠪᠣᠶᠢᠵᠢᠵᠠᠢ ᠭᠡᠵᠦ ᠵᠢᠭᠠᠵᠤ ᠭᠠᠷᠭᠠᠪᠠ᠃

  ᠰᠢ ᠶᠢᠨ ᠫᠢᠩ᠂ ︽ᠲᠣᠮᠣ ᠠᠯᠲᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠨᠢᠭᠡᠨᠲᠡ ᠴᠢᠨᠠᠷ ᠰᠠᠶᠢᠲᠠᠢ

ᠬᠥᠭᠵᠢᠯᠲᠡ ᠶᠢᠨ ᠱᠠᠲᠤᠨ ᠳᠤ ᠣᠷᠣᠪᠠ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠴᠤ ᠴᠢᠨᠠᠷ ᠰᠠᠶᠢᠲᠠᠢ

ᠬᠥᠭᠵᠢᠯᠲᠡ ᠶᠢᠨ ᠬᠤᠶᠠᠳᠠᠭᠢ ︽ᠰᠢᠵᠢᠷ ᠠᠯᠲᠠᠨ ᠠᠷᠪᠠᠨ ᠵᠢᠯ︾ ᠢ ᠡᠬᠢᠯᠡᠭᠦᠯᠬᠦ ᠬᠡᠷᠡᠭᠲᠡᠢ᠃ ᠤᠭ ᠰᠠᠨᠠᠭ᠎ᠠ ᠪᠠᠨ

ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠥᠭᠵᠢᠯᠲᠡ ᠶᠢᠨ ᠬᠡᠷᠡᠭᠴᠡᠭᠡ ᠲᠠᠢ

ᠨᠢᠭᠲᠠ ᠤᠶᠠᠯᠳᠤᠭᠤᠯᠵᠤ᠂ ᠨᠡᠩ ᠤᠯᠠᠨ ᠴᠢᠨᠠᠷ ᠰᠠᠶᠢᠲᠠᠢ᠂ ᠥᠪᠡᠷ ᠤᠨ ᠦᠷᠳᠡᠭ ᠢᠶᠠᠷ ᠳᠣᠣᠷ᠎ᠠ᠂ ᠦᠷᠭᠦᠯᠵᠢᠯᠡᠬᠦ ᠰᠠᠭᠤᠷᠢ

ᠲᠥᠬᠦᠭᠡᠷᠦᠮᠵᠢ ᠶᠢᠨ ᠪᠡᠯᠡ ᠬᠤᠷᠠᠮᠳᠤᠭᠤᠯᠭ᠎ᠠ ᠶᠢ ᠬᠠᠩᠭᠠᠬᠤ ᠭᠡᠷᠡᠭᠲᠡᠢ︔ ᠳᠣᠲᠣᠷ ᠲᠠᠮᠢᠷ ᠢᠶᠠᠨ ᠰᠠᠶᠢᠲᠤᠷ

ᠪᠤᠯᠪᠠᠰᠤᠷᠠᠭᠤᠯᠵᠤ᠂ ᠬᠠᠮᠢᠶᠠᠷᠤᠯᠲᠠ ᠪᠠ ᠡᠵᠡᠩᠨᠡᠯᠲᠡ ᠪᠠᠨ ᠲᠡᠭᠦᠯᠳᠡᠷᠵᠢᠭᠦᠯᠵᠦ᠂ ᠨᠡᠩ ᠤᠯᠠᠨ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠲᠦᠷᠦᠯ ᠵᠦᠢᠯ ᠢ

ᠬᠡᠷᠡᠭᠵᠢᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ ᠲᠤᠭᠠᠴᠢᠯᠠᠯᠳᠠ ᠶᠢᠨ ᠵᠥᠷᠢᠶ᠎ᠡ ᠶᠢ ᠠᠷᠢᠯᠭᠠᠬᠤ ᠳᠤ ᠬᠦᠴᠦ

ᠨᠡᠮᠡᠷᠢᠯᠡᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ

ᠭᠡᠷᠡᠭᠲᠡᠢ︔ ᠵᠠᠮ ᠨᠡᠭᠡᠭᠡᠨ ᠤᠷᠤᠭᠰᠢᠯᠠᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠪᠦᠲᠦᠴᠡ ᠶᠢᠨ

ᠥᠭᠡᠷᠡᠴᠢᠯᠡᠯᠲᠡ ᠶᠢᠨ ᠶᠠᠷᠢᠯᠴᠠᠭ᠎ᠠ ᠳᠤᠮᠳᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠳᠠᠭᠤᠨ ᠢ

ᠲᠣᠮᠣᠷᠠᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠵᠦᠢ ᠶᠣᠰᠣᠨ ᠤ ᠡᠷᠬᠡ ᠠᠰᠢᠭ ᠢ ᠬᠠᠮᠠᠭᠠᠯᠠᠵᠤ

᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢ

ᠳᠡᠮᠵᠢᠬᠦ ᠬᠡᠷᠡᠭᠲᠡᠢ᠃ ᠳᠤᠮᠳᠠᠳᠤ ᠶᠢᠨ ᠲᠠᠯ᠎ᠠ ᠶᠢᠨ ᠬᠢᠨ ᠡᠷᠭᠢᠯᠡᠭᠴᠢ ᠤᠯᠤᠰ ᠪᠣᠯᠤᠭᠰᠠᠨ ᠤ ᠬᠤᠪᠢ ᠳᠤ᠂

ᠥᠩᠭᠡᠷᠡᠭᠰᠡᠨ ᠲᠠᠢ ᠪᠠᠨ ᠠᠳᠠᠯᠢ ᠪᠠᠷ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠡᠵᠡᠩᠨᠡᠯᠲᠡ ᠬᠥᠭᠵᠢᠯᠲᠡ ᠶᠢ

ᠲᠡᠮᠵᠢᠵᠤ᠂ ᠳᠤᠷᠠᠲᠠᠶ᠎ᠠ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠲᠠᠢ ᠲᠦᠷᠦᠯ ᠵᠦᠢᠯ ᠤᠨ ᠬᠠᠮᠲᠤᠷᠠᠯᠴᠠᠭ᠎ᠠ ᠪᠠᠨ

ᠴᠢᠩᠭᠠᠳᠬᠠᠵᠤ᠂ ᠪᠣᠬᠢᠷᠳᠤᠯ ᠦᠭᠡᠢ᠂ ᠰᠢᠨ᠎ᠡ ᠶᠢ ᠡᠭᠦᠳᠬᠦ᠂ ᠦᠷᠭᠦᠯᠵᠢᠯᠡᠬᠦ ᠬᠥᠭᠵᠢᠯᠲᠡ ᠳᠤ ᠠᠩᠬᠠᠷᠤᠯ ᠢᠶᠠᠨ

ᠲᠥᠪᠯᠡᠷᠡᠭᠦᠯᠵᠦ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠤᠯᠤᠨ᠎ᠠ︔ ᠳᠤᠷᠠᠲᠠᠶ᠎ᠠ ᠰᠢᠨ᠎ᠡ ᠨᠡᠭᠡᠭᠡᠨ

ᠬᠥᠭᠵᠢᠭᠦᠯᠦᠯᠲᠡ ᠶᠢᠨ ᠪᠠᠩᠬᠢ ᠪᠠᠷ ᠳᠠᠮᠵᠢᠭᠤᠯᠤᠨ ᠪᠤᠰᠤᠳ ᠪᠦᠷᠢᠯᠳᠦᠭᠦᠨ ᠤᠯᠤᠰ ᠲᠠᠢ ᠬᠥᠭᠵᠢᠯᠲᠡ ᠶᠢᠨ ᠲᠤᠷᠰᠢᠯᠭ᠎ᠠ ᠪᠠᠨ

ᠬᠤᠪᠢᠶᠠᠯᠴᠠᠵᠤ᠂ ᠤᠯᠠᠨ ᠤᠯᠤᠰ ᠤᠨ ᠤᠯᠠᠨ ᠨᠡᠶᠢᠲᠡ ᠶᠢᠨ ᠦᠢᠯᠡᠳᠬᠦᠨ ᠢ ᠨᠡᠩ ᠤᠯᠠᠨ ᠬᠠᠩᠭᠠᠨ᠎ᠠ ᠭᠡᠵᠦ

ᠴᠢᠬᠤᠯᠠᠴᠢᠯᠠᠪᠠ᠃

  ᠰᠢ ᠶᠢᠨ ᠫᠢᠩ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠪᠦᠯᠭᠦᠮ ᠴᠣᠭᠴᠠ ᠶᠢᠨ ᠴᠢᠨᠠᠷᠲᠠᠢ ᠪᠠᠷ

ᠬᠥᠭᠵᠢᠨ ᠮᠠᠨᠳᠤᠬᠤ ᠨᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ᠂

ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠴᠢᠬᠤᠯᠠ ᠬᠦᠴᠦᠨ ᠪᠣᠯᠤᠭᠰᠠᠨ ᠪᠠᠶᠢᠨ᠎ᠠ᠃ ᠳᠡᠯᠡᠬᠡᠢ ᠶᠢᠨ ᠪᠠᠶᠢᠳᠠᠯ

ᠶᠠᠭᠠᠬᠢᠵᠤ ᠬᠤᠪᠢᠷᠠᠭᠰᠠᠨ ᠴᠤ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢᠨ ᠶᠡᠭᠡ ᠴᠢᠭᠯᠡᠯ ᠬᠤᠪᠢᠷᠠᠬᠤ ᠦᠭᠡᠢ

ᠶᠤᠮ᠃ ᠳᠤᠮᠳᠠᠳᠤ ᠤᠯᠤᠰ ᠤᠨ ᠬᠥᠭᠵᠢᠯᠲᠡ ᠪᠣᠯ ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠲᠡᠰᠪᠦᠷᠢ

ᠬᠠᠲᠠᠭᠤᠵᠢᠯᠲᠠᠢ ᠪᠠᠷ ᠲᠡᠮᠡᠴᠡᠬᠦ ᠳᠤ ᠲᠦᠰᠢᠭᠯᠡᠨ᠎ᠡ᠂ ᠲᠤᠰ ᠪᠡᠶ᠎ᠡ ᠶᠢᠨ ᠵᠦᠢ ᠶᠣᠰᠣᠨ ᠤ ᠡᠷᠬᠡ ᠠᠰᠢᠭ ᠪᠠ ᠳᠡᠯᠡᠬᠡᠢ

ᠨᠡᠶᠢᠲᠡ ᠶᠢᠨ ᠬᠠᠮᠲᠤ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃

  ᠯᠦᠸᠧᠰᠠᠶᠢᠹᠦ᠋ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠰᠢᠨ᠎ᠡ ᠨᠡᠭᠡᠭᠡᠨ ᠬᠥᠭᠵᠢᠭᠦᠯᠦᠯᠲᠡ ᠶᠢᠨ

ᠪᠠᠩᠬᠢ ᠶᠢᠨ ᠬᠥᠭᠵᠢᠨ ᠪᠤᠵᠠᠭᠠᠶᠢᠷᠠᠬᠤ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ᠂ ᠲᠡᠷᠢᠭᠦᠯᠡᠭᠴᠢ ᠰᠢ

 ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠶᠡᠷᠦ ᠪᠤᠰᠤ ᠶᠢᠨ ᠬᠥᠭᠵᠢᠯᠲᠡ ᠶᠢᠨ

ᠠᠮᠵᠢᠯᠲᠠ ᠣᠯᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂

ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠲᠡᠮᠡᠦᠯᠦᠯ ᠢ ᠯᠠᠪᠲᠠᠢ ᠪᠡᠶᠡᠯᠡᠭᠦᠯᠵᠦ

ᠴᠢᠳᠠᠨ᠎ᠠ ᠭᠡᠵᠦ ᠢᠯᠡᠳᠬᠡᠪᠡ᠃ ᠲᠡᠷᠡ᠂ ᠣᠳᠣᠬᠠᠨ ᠤ ᠬᠤᠪᠢᠰᠤᠯᠲᠠ ᠶᠡᠬᠡᠲᠡᠢ ᠳᠡᠯᠡᠬᠡᠢ ᠶᠢᠨ ᠪᠠᠶᠢᠳᠠᠯ ᠳᠣᠣᠷ᠎ᠠ᠂ ᠳᠤᠮᠳᠠᠳᠤ

ᠤᠯᠤᠰ ᠤᠨ ᠵᠠᠰᠠᠭ ᠤᠨ ᠣᠷᠳᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ ᠡᠷᠡᠰ

ᠬᠠᠮᠠᠭᠠᠯᠠᠵᠤ᠂ ᠤᠯᠠᠨ ᠲᠠᠯᠠᠲᠤ ᠦᠵᠡᠯ ᠢ ᠡᠷᠡᠰ ᠲᠡᠮᠵᠢᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ

ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂

ᠳᠡᠯᠡᠬᠡᠢ ᠨᠡᠶᠢᠭᠡᠮ ᠳᠤ ᠬᠡᠪ ᠳᠠᠭᠤᠷᠢᠶᠠᠯ ᠦᠵᠡᠭᠦᠯᠪᠡ᠃ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠨᠢ ᠤᠯᠠᠨ

ᠤᠯᠤᠰ ᠤᠨ ᠬᠠᠤᠯᠢ ᠶᠢᠨ ᠡᠷᠬᠡ ᠰᠦᠷ ᠢ ᠡᠪᠳᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ

ᠲᠣᠭᠲᠠᠭᠤᠨ ᠢ ᠬᠤᠬᠢᠷᠠᠭᠤᠯᠪᠠ᠃ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠤᠭ ᠰᠠᠨᠠᠭ᠎ᠠ ᠪᠠᠨ ᠪᠠᠲᠤ ᠰᠠᠬᠢᠵᠤ᠂

ᠢᠳᠡᠪᠬᠢᠲᠡᠢ ᠠᠵᠢᠯᠯᠠᠵᠤ᠂ ᠬᠥᠭᠵᠢᠵᠦ ᠪᠠᠶᠢᠭ᠎ᠠ ᠤᠯᠤᠰ ᠪᠣᠯᠣᠨ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠤᠨ

ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠵᠦ ᠬᠡᠯᠡᠪᠡ᠃

  ᠼᠠᠢ ᠴᠢ᠂ ᠾᠧ ᠯᠢ ᠹᠧᠩ᠂ ᠴᠧᠨ ᠵᠢᠢ ᠨᠢᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号