ᠵᠠᠩ ᠳᠠᠳᠬᠠᠯ ᠢ ᠥᠭᠡᠷᠡᠴᠢᠯᠡᠬᠦ ᠳᠤ ᠦᠪᠡᠷᠳᠡᠬᠡᠨ ᠤᠷᠢᠳᠠᠪᠠᠷ ᠬᠢᠵᠦ ᠪᠤᠯᠪᠠᠰᠤᠨ ᠰᠢᠨ᠎ᠡ ᠰᠤᠷᠲᠠᠯ ᠢ ᠨᠡᠶᠢᠭᠡᠮ ᠲᠣᠭᠤᠷᠢᠭ ᠲᠤ ᠣᠷᠣᠭᠤᠯᠤᠶ᠎ᠠ
ᠨᠡᠶᠢᠲᠡᠯᠡᠭᠰᠡᠨ ᠴᠠᠭ᠄
2025/6/11
    6 ᠰᠠᠷ᠎ᠠ ᠶᠢᠨ 5 ᠤ ᠡᠳᠦᠷ᠂ ᠨᠥᠬᠦᠷᠯᠡᠯ ᠨᠡᠶᠢᠭᠡᠮ ᠲᠣᠭᠤᠷᠢᠭ ︽ᠬᠡᠪ ᠵᠠᠩᠰᠢᠯ ᠢ ᠥᠭᠡᠷᠡᠴᠢᠯᠡᠬᠦ ᠳᠤ ᠪᠢ ᠤᠷᠢᠳᠠᠪᠠᠷ ᠬᠢᠵᠦ᠂ ᠪᠣᠯᠪᠠᠰᠤᠨ ᠰᠢᠨ᠎ᠡ ᠰᠤᠷᠲᠠᠯ ᠢ ᠨᠡᠶᠢᠭᠡᠮ ᠲᠣᠭᠤᠷᠢᠭ ᠲᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ  ᠬᠤᠷᠢᠮ ᠬᠢᠬᠦ   ᠶᠢ ᠰᠢᠨ᠎ᠡ ᠪᠠᠷ ᠬᠢᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠰᠢᠢᠳᠪᠦᠷᠢᠯᠡᠬᠦ ᠬᠢᠬᠦ ᠦᠢᠯᠡ ᠶᠠᠪᠤᠳᠠᠯ ᠢ ᠤᠬᠠᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠬᠤ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠵᠤ᠂ ︽ᠠᠷᠪᠠ ᠶᠢ ᠡᠰᠡᠷᠭᠦᠴᠡᠨ ᠬᠤᠷᠢᠭᠯᠠᠬᠤ︾ ᠪᠣᠯᠬᠢ ᠳᠠᠳᠬᠠᠯ᠂ ︽ᠠᠷᠪᠠ ᠶᠢ ᠡᠷᠬᠢᠮᠯᠡᠬᠦ︾ ᠰᠢᠨ᠎ᠡ ᠰᠤᠷᠲᠠᠯ ᠢ ᠪᠤᠢ ᠪᠣᠯᠭᠠᠬᠤ ᠶᠢ ᠰᠠᠨᠠᠭᠠᠴᠢᠯᠠᠵᠤ᠂ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠮᠠᠭᠤ ᠵᠠᠩ ᠳᠠᠳᠬᠠᠯ ᠢ ᠡᠷᠡᠰ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠡᠪ ᠵᠠᠩᠰᠢᠯ ᠢ ᠥᠭᠡᠷᠡᠴᠢᠯᠡᠵᠦ᠂ ᠬᠠᠭᠤᠴᠢᠨ ᠢ ᠡᠪᠳᠡᠵᠦ ᠰᠢᠨ᠎ᠡ ᠶᠢ ᠡᠭᠦᠳᠴᠦ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠬᠠᠮᠲᠤ ᠪᠠᠷ ᠪᠤᠢ ᠪᠣᠯᠭᠠᠪᠠ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号