6 ᠰᠠᠷ᠎ᠠ ᠶᠢᠨ 6 ᠤ ᠡᠳᠦᠷ᠂ ᠵᠢᠩ ᠱᠠᠨ ᠨᠡᠶᠢᠭᠡᠮ ᠲᠣᠭᠤᠷᠢᠭ ᠤᠨ ᠬᠠᠮᠲᠤᠷᠠᠭᠰᠠᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ︽ᠡᠷᠡᠭᠦᠯ ᠰᠡᠳᠭᠢᠯ ᠠᠮᠢᠳᠤᠷᠠᠯ ᠢ ᠤᠮᠳᠠᠯᠠᠬᠤ︾ ᠰᠡᠳᠬᠢᠴᠡ ᠶᠢᠨ ᠡᠷᠡᠭᠦᠯ ᠮᠡᠨᠳᠦ ᠶᠢᠨ | ᠲᠠᠶᠢᠯᠤᠮᠵᠢ ᠥᠷᠨᠢᠭᠦᠯᠪᠡ᠃ ᠲᠠᠶᠢᠯᠤᠮᠵᠢ ᠳᠤ ᠬᠢᠷᠢ ᠬᠡᠮ ᠲᠡᠩᠴᠡᠭᠰᠡᠨ ᠰᠡᠳᠬᠢᠴᠡ ᠶᠢᠨ ᠵᠥᠪᠯᠡᠯᠭᠡ ᠥᠭᠭᠦᠭᠴᠢ ᠶᠢ | ᠤᠷᠢᠵᠤ᠂ ᠠᠮᠢᠳᠤᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠤᠷᠮ᠎ᠠ ᠰᠡᠳᠬᠢᠯᠭᠡ ᠶᠢᠨ ᠬᠠᠮᠢᠶᠠᠷᠤᠯᠲᠠ᠂ | ᠡᠴᠢᠭᠡ ᠡᠬᠡ ᠦᠷ᠎ᠡ ᠬᠡᠤᠬᠡᠳ ᠤᠨ ᠨᠡᠪᠲᠡᠷᠡᠯᠴᠡᠭᠡ᠂ ᠠᠵᠢᠯ ᠤᠨ ᠪᠠᠶᠢᠷᠢ ᠶᠢᠨ ᠳᠠᠷᠤᠯᠲᠠ ᠶᠢ ᠨᠠᠮᠳᠠᠭᠤᠯᠬᠤ ᠵᠡᠷᠭᠡ | ᠠᠰᠠᠭᠤᠳᠠᠯ ᠤᠨ ᠲᠣᠭᠤᠷᠢᠨ ᠳᠤ ᠲᠠᠶᠢᠯᠤᠮᠵᠢ ᠬᠢᠪᠡ᠃ ᠠᠰᠠᠭᠤᠨ ᠯᠠᠪᠯᠠᠭᠴᠢ ᠰᠡᠳᠬᠢᠴᠡ ᠶᠢᠨ ᠡᠷᠡᠭᠦᠯ ᠮᠡᠨᠳᠦ ᠶᠢᠨ | ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠵᠠᠳᠠᠯᠤᠨ ᠰᠢᠨᠵᠢᠯᠡᠵᠦ᠂ ᠪᠣᠳᠠᠲᠤ ᠬᠡᠷᠡᠭᠯᠡᠭᠡᠨ ᠤ | ᠰᠡᠳᠬᠢᠴᠡ ᠶᠢᠨ ᠲᠣᠬᠢᠷᠠᠭᠤᠯᠤᠯᠲᠠ ᠶᠢᠨ ᠤᠷ᠎ᠠ ᠮᠡᠷᠭᠡᠵᠢᠯ ᠢ ᠬᠤᠪᠢᠶᠠᠯᠴᠠᠨ ᠡᠳ᠋ᠯᠡᠬᠦ ᠶᠢᠨ ᠬᠠᠮᠲᠤ ᠰᠠᠭᠤᠭᠠᠯᠢ | ᠠᠷᠠᠳ ᠲᠠᠢ ᠬᠠᠷᠢᠯᠴᠠᠨ ᠬᠥᠳᠡᠯᠦᠯᠴᠡᠵᠦ᠂ ᠣᠯᠠᠨ ᠤ ᠰᠡᠳᠬᠢᠴᠡ ᠶᠢᠨ ᠲᠥᠭᠡᠷᠢᠭᠳᠡᠯ ᠢ ᠨᠢ ᠬᠦᠯᠢᠴᠡᠩᠭᠦᠶ ᠪᠠᠷ | ᠬᠠᠷᠢᠭᠤᠯᠵᠤ᠂ ᠰᠠᠭᠤᠭᠠᠯᠢ ᠠᠷᠠᠳ ᠤᠨ ᠰᠡᠳᠬᠢᠴᠡ ᠶᠢᠨ ᠡᠷᠡᠭᠦᠯ ᠮᠡᠨᠳᠦ ᠶᠢ ᠴᠢᠬᠤᠯᠠᠴᠢᠯᠠᠬᠤ ᠬᠡᠮᠵᠢᠶ᠎ᠡ ᠪᠠ | ᠥᠪᠡᠷ ᠢ ᠪᠠᠨ ᠲᠣᠬᠢᠷᠠᠭᠤᠯᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ |