ᠵᠢᠢ ᠬᠠᠶ ᠶᠠᠩ ᠭᠠᠯ ᠤᠨᠲᠠᠷᠠᠭᠠᠬᠤ ᠪᠠ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/6/11
 6 ᠳ᠋ᠤᠭᠠᠷ ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠦᠯᠬᠦᠮ ᠳᠠᠭᠠᠭᠤᠯᠤᠨ ᠬᠤᠲᠠ ᠶᠢᠨ ᠲᠣᠭᠤᠷᠢᠭ ᠤᠨ ᠬᠡᠰᠡᠭ ᠢᠳᠡᠭᠡᠨ ᠤᠮᠳᠠᠭᠠᠨ᠂ ᠵᠣᠴᠢᠳ ᠤᠨ ᠪᠠᠭᠤᠳᠠᠯ ᠵᠡᠷᠭᠡ ︽ᠶᠢᠰᠦᠨ ᠪᠠᠭ᠎ᠠ ᠲᠠᠯᠠᠪᠤᠷ︾ ᠢᠶᠠᠷ ᠭᠦᠨᠵᠡᠭᠡᠶᠢᠷᠡᠨ᠂ ᠭᠠᠯ ᠤᠨᠲᠠᠷᠠᠭᠠᠬᠤ ᠪᠠ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠲᠤᠬᠠᠶ ᠶᠢᠨ ᠭᠠᠵᠠᠷ ᠲᠤᠨᠢ ᠲᠤᠰᠢᠶᠠᠨ ᠰᠢᠢᠳᠪᠦᠷᠢᠯᠡᠭᠦᠯᠦᠭᠰᠡᠨ ᠤ ᠬᠠᠮᠲᠤ ᠪᠣᠳᠠᠲᠠᠶ ᠵᠢᠯᠣᠭᠤᠳᠬᠤ ᠰᠠᠨᠠᠯ ᠳᠤᠷᠠᠳᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃    ᠵᠢᠢ ᠬᠠᠢ ᠶᠠᠩ ᠴᠢᠬᠤᠯᠠᠴᠢᠯᠠᠭᠰᠠᠨ ᠨᠢ᠂ ᠭᠠᠯ ᠤᠨᠲᠠᠷᠠᠭᠠᠬᠤ ᠪᠠ ᠰᠢᠲᠠᠮᠠᠬᠠᠶ ᠬᠡᠶ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠪᠠᠶᠢᠳᠠᠭ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠢᠮᠠᠭᠲᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠰᠡᠳᠬᠢᠴᠡ᠂ ᠬᠤᠶᠢᠷᠭᠤᠰᠢᠬᠤ ᠰᠡᠳᠬᠢᠯᠭᠡ ᠶᠢ ᠡᠷᠡᠰ ᠲᠡᠪᠴᠢᠵᠦ᠂ ᠬᠤᠷᠢᠭ᠎ᠠ ᠱᠤᠭᠤᠮ ᠤᠨ ᠰᠡᠳᠬᠢᠬᠦᠢ᠂ ᠲᠤᠶᠢᠯᠰᠢᠷᠠᠬᠤ ᠰᠡᠳᠬᠢᠬᠦᠢ ᠪᠠᠨ ᠴᠢᠩᠭᠠᠳᠬᠠᠵᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠬᠡᠵᠡᠢ᠃ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠳᠤᠲᠠᠭᠤᠳᠠᠯ ᠢ ᠨᠥᠬᠦᠪᠥᠷᠢᠯᠡᠬᠦ᠂ ᠠᠯᠳᠠᠰᠢ ᠭᠠᠷᠬᠤ ᠶᠢ ᠬᠤᠷᠢᠭᠯᠠᠬᠤ᠂ ᠴᠢᠳᠠᠪᠤᠷᠢ ᠶᠢ ᠳᠡᠭᠡᠭᠰᠢᠯᠡᠭᠦᠯᠬᠦ᠂ ᠲᠣᠭᠲᠠᠴᠠ ᠶᠢ ᠪᠠᠶᠢᠭᠤᠯᠬᠤ ᠶᠢ ᠲᠦᠷᠭᠡᠳᠬᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠰᠢᠲᠠᠮᠠᠬᠠᠶ ᠬᠡᠶ ᠶᠢᠨ ᠦᠢᠯᠡᠳᠪᠦᠷᠢᠯᠡᠯ᠂ ᠡᠵᠡᠩᠨᠡᠯᠲᠡ᠂ ᠬᠠᠳᠠᠭᠠᠯᠠᠯᠲᠠ᠂ ᠲᠡᠭᠡᠭᠡᠪᠦᠷᠢ᠂ ᠬᠡᠷᠡᠭᠯᠡᠯᠲᠡ ᠵᠡᠷᠭᠡ ᠪᠥᠬᠦ ᠶᠠᠪᠤᠴᠠ ᠶᠢᠨ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠰᠢᠲᠠᠮᠠᠬᠠᠶ ᠬᠡᠶ ᠶᠢᠨ ᠡᠬᠢ ᠡᠭᠦᠰᠦᠯ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠠᠢ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号