6 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠵᠠᠰᠠᠭ ᠤᠨ ᠣᠷᠳᠣᠨ 2025 ᠣᠨ ᠤ | ᠠᠩᠬᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ | ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ | ᠳᠠᠷᠤᠭ᠎ᠠ ᠵᠢᠢ ᠬᠠᠢ ᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠱᠧᠨ | ᠢᠦᠶ ᠰᠢᠤ᠂ ᠯᠢᠦ ᠽᠧᠩ ᠰᠢ᠂ ᠵᠣᠣ ᠱᠢ ᠶᠢᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠬᠤᠲᠠ ᠶᠢᠨ ᠵᠠᠰᠠᠭ ᠤᠨ | ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠰᠤᠮᠤ ᠵᠡᠭᠡᠯᠢ ᠭᠤᠳᠤᠮᠵᠢ᠂ ᠬᠤᠲᠠ ᠶᠢᠨ ᠬᠠᠷᠢᠶ᠎ᠠ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ᠂ ᠬᠤᠲᠠ ᠶᠢᠨ ᠰᠢᠭᠤᠳ ᠬᠠᠷᠢᠶ᠎ᠠ ᠵᠢᠴᠢ ᠬᠤᠲᠠ ᠳᠤ ᠰᠠᠭᠤᠭ᠎ᠠ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ︽ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ | ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ | ᠨᠣᠴᠢᠲᠠᠶ ᠵᠥᠷᠢᠴᠡᠭᠰᠡᠨ ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠲᠦᠩᠯᠢᠶᠣᠤ | ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠵᠠᠮ | ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠵᠢᠢ ᠬᠠᠶ ᠶᠠᠩ᠂ ᠬᠠᠷᠠᠯᠲᠠ ᠪᠠᠨ ᠲᠣᠭᠲᠠᠭᠠᠵᠤ᠂ ᠡᠭᠦᠷᠭᠡ ᠪᠠᠨ ᠨᠠᠷᠢᠯᠢᠬᠵᠢᠭᠤᠯᠵᠤ᠂ ᠣᠯᠠᠨ ᠳᠠᠪᠬᠤᠷ ᠡᠭᠦᠷᠭᠡ | ᠪᠠ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠵᠠᠰᠠᠭ ᠤᠨ ᠣᠷᠳᠣᠨ ᠤ ᠰᠢᠰᠲ᠋ᠧᠮ ᠤᠨ ᠪᠥᠬᠦ ᠺᠠᠳ᠋ᠷᠴᠤᠳ ᠪᠠᠶᠢᠳᠠᠯ ᠢ | ᠣᠨᠣᠪᠴᠢᠲᠠᠶ ᠡᠵᠡᠮᠳᠡᠵᠦ᠂ ᠠᠰᠢᠭᠲᠠᠶ ᠨᠥᠬᠦᠴᠡᠯ ᠢ ᠰᠠᠶᠢᠲᠤᠷ ᠠᠳᠬᠤᠨ ᠰᠠᠶᠢᠲᠤᠷ ᠬᠡᠷᠡᠭᠯᠡᠵᠦ᠂ ᠠᠰᠢᠭ ᠥᠬᠡᠶ | ᠬᠦᠴᠦᠨ ᠵᠦᠶ᠋ᠯ ᠢ ᠢᠳᠡᠪᠬᠢᠲᠡᠶ ᠠᠷᠭᠠᠴᠠᠵᠤ᠂ ᠪᠥᠬᠦ ᠵᠢᠯ ᠤᠨ ᠡᠯ᠎ᠡ ᠵᠦᠶ᠋ᠯ ᠤᠨ ᠬᠠᠷᠠᠯᠲᠠ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠤᠷᠲᠠᠯ ᠢᠶᠠᠨ ᠰᠠᠶᠢᠵᠢᠷᠠᠭᠤᠯᠵᠤ᠂ | ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠨᠡᠩ ᠥᠨᠳᠥᠷ ᠠᠬᠤᠢ ᠪᠠᠶᠢᠳᠠᠯ ᠢᠶᠠᠷ ᠬᠥᠭᠵᠢᠯᠲᠡ ᠶᠢ | ᠲᠥᠯᠥᠪᠵᠢᠭᠦᠯᠵᠦ᠂ ᠨᠡᠩ ᠬᠠᠲᠠᠭᠤ ᠰᠤᠷᠲᠠᠯ ᠢᠶᠠᠷ ᠬᠥᠭᠵᠢᠯᠲᠡ ᠶᠢ ᠠᠬᠢᠭᠤᠯᠵᠤ᠂ ᠨᠡᠩ ᠰᠢᠯᠢᠳᠡᠭ ᠣᠷᠴᠢᠨ | ᠲᠣᠭᠤᠷᠢᠨ ᠢᠶᠠᠷ ᠬᠥᠭᠵᠢᠯᠲᠡ ᠶᠢ ᠪᠠᠲᠤᠯᠠᠵᠤ᠂ ᠰᠢᠯᠢᠳᠡᠭ ᠠᠵᠢᠯ ᠤᠨ ᠰᠤᠷᠲᠠᠯ ᠢ ᠭᠦᠢᠴᠡᠳ ᠢᠯᠡᠷᠡᠭᠦᠯᠬᠦ ᠬᠡᠷᠡᠭᠲᠡᠢ᠃ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ | ᠢ ᠪᠠᠶᠢᠩᠭᠤ ᠪᠥᠭᠡᠳ ᠤᠷᠳᠤ ᠬᠤᠭᠤᠴᠠᠭ᠎ᠠ ᠪᠠᠷ ᠵᠠᠯᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ | ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠬᠦᠴᠦᠲᠡᠢ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ | ᠠᠬᠤᠢ ᠶᠢ ᠦᠷᠭᠦᠯᠵᠢᠯᠡᠨ ᠪᠠᠬᠢᠵᠢᠭᠦᠯᠵᠦ᠂ ᠠᠷᠠᠳ ᠤᠨ ᠲᠥᠯᠥᠭᠡ ᠲᠦᠷᠦ ᠪᠠᠷᠢᠬᠤ ᠰᠠᠶᠢᠨ ᠰᠠᠶᠢᠬᠠᠨ ᠲᠦᠷᠢ | ᠲᠥᠷᠬᠦ ᠶᠢ ᠪᠠᠲᠤ ᠪᠤᠢ ᠪᠣᠯᠭᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃ |