6 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 134 ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠲᠤᠬᠠᠢ ᠴᠢᠬᠤᠯᠠ ᠥᠭᠦᠯᠡᠯᠲᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ | ᠲᠢᠩᠬᠢᠮ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠬᠦ ᠲᠤᠬᠠᠢ ᠰᠠᠨᠠᠯ︾ | ᠂ ︽ᠠᠩᠬᠠᠨ ᠤ ᠬᠤᠪᠢᠶᠠᠷᠢᠯᠠᠯᠲᠠ ᠶᠢ ᠲᠠᠬᠢᠨ ᠬᠤᠪᠢᠶᠠᠷᠢᠯᠠᠬᠤ ᠭᠤᠷᠪᠠᠳᠤᠭᠠᠷ ᠤᠳᠠᠭ᠎ᠠ ᠶᠢᠨ ᠬᠤᠪᠢᠶᠠᠷᠢᠯᠠᠯᠲᠠ ᠶᠢ | ᠵᠣᠬᠢᠴᠠᠭᠤᠯᠬᠤ ᠢᠵᠢ ᠪᠦᠷᠢᠳᠦᠭᠰᠡᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠰᠠᠨᠠᠯ︾ ᠵᠢᠴᠢ ︽ᠶᠣᠣ | ᠽᠧᠩ ᠺᠧ᠂ ᠵᠠᠢ ᠴᠢᠩ᠂ ᠰᠦᠨ ᠱᠤᠤ ᠴᠧᠩ ᠨᠥᠬᠦᠷ ᠤᠨ ᠲᠥᠪ ᠤᠨ ᠬᠤᠶᠠᠳᠤᠭᠠᠷ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠬᠦ ᠲᠠᠶᠢᠴᠢᠯᠠᠯᠳᠠ ᠶᠢᠨ ᠬᠤᠷᠠᠯ | ᠳᠡᠭᠡᠷᠡᠬᠢ ᠶᠠᠷᠢᠶ᠎ᠠ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠠᠶᠤᠯᠭᠦᠢ | ᠦᠢᠯᠡᠳᠪᠦᠷᠢᠯᠡᠯ ᠤᠨ ᠠᠵᠢᠯ᠂ ᠤᠢ ᠰᠢᠭᠤᠢ ᠡᠪᠡᠰᠦ ᠪᠡᠯᠴᠢᠭᠡᠷ ᠢ ᠰᠦᠢᠳᠬᠡᠨ ᠵᠠᠰᠠᠬᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠭᠤᠤ ᠵᠢᠢ ᠶᠧ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠥᠭᠴᠦ | ᠰᠢᠢᠳᠪᠦᠷᠢᠯᠡᠭᠦᠯᠬᠦ ᠡᠯ᠎ᠡ ᠵᠦᠢᠯ ᠤᠨ ᠡᠭᠦᠷᠭᠡ ᠶᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ ᠬᠢᠵᠦ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ | ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠤᠯᠠᠷᠢᠯ ᠤᠨ | ᠴᠢᠨᠠᠷᠲᠠᠢ ᠠᠶᠤᠯ ᠲᠦᠭᠰᠢᠭᠦᠷᠢ ᠶᠢᠨ ᠬᠤᠪᠢᠷᠠᠯᠲᠠ ᠪᠣᠯᠤᠨ ᠵᠢᠮ᠎ᠡ ᠶᠣᠰᠣᠨ ᠤ ᠣᠨᠴᠠᠯᠢᠭ ᠢ ᠣᠨᠣᠪᠴᠢᠲᠠᠢ ᠡᠵᠡᠮᠳᠡᠵᠦ | ᠂ ᠠᠶᠤᠩᠭ᠎ᠠ ᠴᠠᠬᠢᠯᠭᠠᠨ᠂ ᠵᠠᠮ᠂ ᠦᠶᠡᠷ ᠤᠰᠤᠲᠤᠯ ᠤᠨ ᠭᠠᠮᠰᠢᠭ ᠵᠡᠷᠭᠡ ᠲᠠᠯ᠎ᠠ ᠶᠢᠨ ᠠᠶᠤᠯ ᠲᠦᠭᠰᠢᠭᠦᠷᠢ ᠶᠢᠨ ᠭᠡᠮ | ᠰᠣᠭᠤᠭ ᠢ ᠪᠠᠶᠢᠴᠠᠭᠠᠨ ᠵᠠᠰᠠᠬᠤ ᠶᠢ ᠴᠢᠩᠭᠠᠳᠬᠠᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ | ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠢ ᠡᠪᠳᠡᠬᠦ᠂ | ᠳᠤᠷ᠎ᠠ ᠪᠠᠷ ᠢᠶᠠᠨ ᠠᠲᠠᠷ ᠬᠠᠭᠠᠯᠪᠤᠷᠢᠯᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ | ᠬᠤᠷᠢᠭᠯᠠᠵᠤ᠂ ᠡᠯ᠎ᠡ ᠲᠦᠷᠦᠯ ᠤᠨ ᠡᠮᠬᠢ ᠵᠠᠮᠪᠠᠷᠠᠭ᠎ᠠ ᠦᠭᠡᠢ ᠦᠵᠡᠭᠳᠡᠯ ᠢ ᠴᠤᠬᠢᠬᠤ ᠳᠤ ᠴᠣᠬᠢᠯᠲᠠ ᠥᠭᠴᠦ᠂ | ᠬᠦᠴᠦᠲᠡᠢ ᠰᠦᠷᠳᠡᠭᠦᠯᠦᠯ ᠢ ᠪᠤᠢ ᠪᠣᠯᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠢᠶᠠᠷᠤᠨ | ᠬᠠᠮᠠᠭᠠᠯᠠᠬᠤ ᠴᠢᠳᠠᠪᠤᠷᠢ ᠪᠣᠯᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠯᠪᠡᠷ ᠪᠤᠰᠤ ᠪᠠᠷ ᠣᠯᠤᠭᠰᠠᠨ | ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ | ᠬᠡᠷᠡᠭᠲᠡᠢ ᠭᠡᠵᠠᠢ᠃ | ᠭᠤᠤ ᠵᠢᠢ ᠶᠧ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠬᠦᠨᠳᠦ ᠨᠣᠴᠢᠲᠠᠢ | ᠴᠢᠨᠠᠷ ᠪᠣᠯᠤᠨ ᠬᠤᠣᠷ ᠬᠥᠨᠥᠭᠡᠯᠳᠦ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ | ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠪᠦᠬᠦ ᠬᠤᠳᠠ ᠶᠢᠨ ᠰᠤᠷᠲᠠᠯ ᠤᠨ | ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠭᠤᠣᠯᠳᠠᠯᠭ᠎ᠠ ᠶᠢ ᠳᠤᠪᠤᠶᠢᠯᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠭᠤᠣᠯᠳᠠᠯᠭ᠎ᠠ ᠲᠠᠢ ᠡᠲᠡᠭᠡᠳ᠂ | ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠪᠡᠯᠡ ᠮᠥᠩᠭᠦ ᠵᠢᠴᠢ ᠰᠤᠷᠭᠠᠭᠤᠯᠢ | ᠲᠠᠪᠰᠢᠬᠤ᠂ ᠵᠡᠷᠭᠡ ᠲᠠᠪᠰᠢᠬᠤ᠂ ᠢᠨᠵᠧᠨᠧᠷᠢᠩ ᠤᠨ ᠲᠦᠷᠦᠯ ᠵᠦᠢᠯ ᠵᠡᠷᠭᠡ ᠵᠠᠩᠭᠢᠯᠠᠭ᠎ᠠ ᠶᠢᠨ ᠬᠦᠷᠢᠶ᠎ᠡ ᠶᠢ ᠴᠢᠩᠭ᠎ᠠ | ᠠᠩᠬᠠᠷᠴᠤ᠂ ᠪᠠᠶᠢᠴᠠᠭᠠᠵᠤ ᠬᠢᠨᠠᠯᠲᠠ ᠲᠠᠯᠪᠢᠬᠤ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠵᠤ ᠵᠠᠰᠠᠯᠲᠠ ᠶᠢ ᠠᠬᠢᠭᠤᠯᠬᠤ ᠶᠢ ᠴᠢᠨᠠᠭᠰᠢᠳᠠ ᠭᠦᠨᠵᠡᠭᠡᠶᠢᠷᠡᠭᠦᠯᠵᠦ᠂ ᠲᠦᠷᠢᠮ ᠤᠨ ᠰᠢᠩᠭᠡᠯᠢᠭ ᠢ ᠴᠢᠩᠭ᠎ᠠ | ᠰᠦᠯᠵᠢᠵᠦ᠂ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠳᠠᠳᠬᠠᠯ ᠢ ᠠᠳᠬᠤᠵᠤ᠂ ᠤᠷᠳᠤ | ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠠᠭᠤᠯᠭ᠎ᠠ ᠶᠢ ᠰᠤᠳᠤᠯᠵᠠᠢ᠃ |