ᠬᠤᠲᠠ ᠶᠢᠨ ᠵᠠᠰᠠᠭ ᠤᠨ ᠣᠷᠳᠣᠨ 2025 ᠣᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/18
  6 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠬᠤᠲᠠ ᠶᠢᠨ ᠵᠠᠰᠠᠭ ᠤᠨ ᠣᠷᠳᠣᠨ ᠤ 2025 ᠣᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠱᠧᠨ ᠢᠦᠶ ᠰᠢᠤ᠂ ᠸᠠᠩ ᠮᠢᠶᠣᠣ᠂ ᠯᠢᠦ ᠽᠧᠩ ᠰᠢ᠂ ᠰᠥᠩ ᠴᠢ ᠵᠧ᠂ ᠰᠦᠨ ᠸᠧᠶ ᠨᠠᠨ᠂ ᠵᠣᠣ ᠱᠢ ᠶᠢᠨ᠂ ᠯᠢ ᠰᠢᠨ ᠮᠢᠨ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠠᠴᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠦᠩᠯᠢᠶᠣᠤ ᠬᠤᠳᠠ ᠶᠢᠨ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠠᠰᠠᠭᠤᠳᠠᠯ ᠤᠨ ᠲᠤᠬᠠᠢ ᠨᠡᠶᠢᠲᠡᠯᠢᠭ ᠬᠡᠷᠡᠭ ᠤᠨ ᠵᠢᠱᠢᠶ᠎ᠡ ᠶᠢ ᠤᠯᠠᠮᠵᠢᠯᠠᠵᠤ᠂ ᠮᠠᠨ ᠤ ᠬᠤᠳᠠ ᠶᠢᠨ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠠᠢ᠃ ᠵᠢᠢ ᠬᠠᠢ ᠶᠠᠩ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠮᠢᠨᠴᠦᠭᠦᠷᠡᠨ ᠵᠠᠪᠰᠢᠬᠤ ᠪᠣᠳᠣᠯ ᠢ ᠲᠠᠰᠤ ᠵᠣᠭᠰᠣᠭᠠᠵᠤ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠪᠠᠲᠤ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠴᠡᠭᠴᠡᠯᠡᠨ ᠵᠠᠰᠠᠬᠤ ᠠᠬᠢᠴᠠ ᠶᠢ ᠲᠦᠷᠭᠡᠳᠬᠡᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠠᠰᠠᠭᠤᠳᠠᠯ ᠢ ᠡᠷᠲᠡ ᠴᠡᠭᠴᠡᠯᠡᠨ ᠰᠠᠶᠢᠵᠢᠷᠠᠭᠤᠯᠵᠤ᠂ ᠡᠷᠲᠡ ᠨᠣᠮᠧᠷ ᠢ ᠨᠢ ᠬᠠᠰᠤᠬᠤ ᠶᠢ ᠪᠠᠲᠤᠯᠠᠬᠤ ᠬᠡᠷᠡᠭᠲᠡᠢ᠃ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠡᠷᠬᠡ ᠬᠠᠷᠢᠭᠤᠴᠠᠯᠭ᠎ᠠ ᠨᠢ ᠲᠣᠳᠣᠷᠬᠠᠢ ᠦᠭᠡᠢ᠂ ᠪᠠᠶᠢᠭᠤᠯᠤᠯ ᠨᠢ ᠰᠢᠯᠤᠭᠤᠨ ᠪᠤᠰᠤ᠂ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠭᠰᠡᠨ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠵᠤ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠦᠨᠳᠦᠰᠦ ᠰᠤᠷᠪᠤᠯᠵᠢ ᠠᠴᠠ ᠨᠢ ᠬᠤᠷᠢᠭᠯᠠᠬᠤ ᠬᠡᠷᠡᠭᠲᠡᠢ ᠭᠡᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号