ᠭᠤᠤ ᠵᠢᠶ ᠶᠧ ᠪᠠᠷᠠᠭᠤᠨ ᠪᠤᠷᠭᠠᠰᠤᠳᠠᠢ ᠭᠠᠴᠠᠭ᠎ᠠ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/6/25
    6 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠨᠠᠮ ᠤᠨ ᠪᠠᠶᠢᠭᠤᠯᠤᠯᠲᠠ ᠶᠢᠨ ᠬᠤᠯᠪᠤᠭᠠᠯᠠᠨ ᠳᠠᠭᠠᠭᠠᠴᠢᠯᠠᠬᠤ ᠴᠡᠭ ᠤᠨ ᠪᠠᠷᠠᠭᠤᠨ ᠪᠤᠷᠭᠠᠰᠤᠳᠠᠢ ᠭᠠᠴᠠᠭ᠎ᠠ ᠳᠤ ᠭᠦᠨᠵᠡᠭᠡᠶᠢᠷᠡᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠲᠠ ᠶᠢᠨ ᠤᠳᠤᠷᠢᠳᠤᠯᠭ᠎ᠠ ᠸᠠᠩ ᠵᠢᠶᠦ᠋ᠨ ᠭᠦᠸᠧ ᠪᠠᠷ᠎ᠠ ᠪᠣᠯᠪᠠ᠃ ᠶᠠᠷᠢᠯᠴᠠᠬᠤ ᠬᠤᠷᠠᠯ ᠳᠡᠭᠡᠷ᠎ᠡ᠂ ᠭᠤᠤ ᠵᠢᠢ ᠶᠧ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ ᠵᠢᠭᠠᠵᠤ ᠭᠠᠷᠭᠠᠭᠰᠠᠨ ᠨᠢ᠂ ᠦᠨᠳᠦᠰᠦᠨ ᠱᠠᠲᠤ ᠨᠢ ᠣᠯᠠᠨ ᠲᠦᠮᠡᠨ ᠳᠤ ᠰᠢᠭᠤᠳ ᠬᠠᠨᠳᠤᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ ᠶᠢ ᠴᠢᠬᠤᠯᠠᠴᠢᠯᠠᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠢ ᠲᠣᠳᠣᠷᠬᠠᠶ ᠣᠶᠢᠯᠠᠭᠠᠵᠤ᠂ ᠣᠯᠠᠨ ᠲᠦᠮᠡᠨ ᠤ ᠲᠤᠰᠬᠠᠭᠰᠠᠨ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ ᠠᠵᠢᠯ ᠢᠶᠠᠨ ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠶ᠃ ᠭᠤᠤ ᠵᠢᠢ ᠶᠧ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠪᠣᠯ ᠤᠷᠳᠤ ᠬᠤᠭᠤᠴᠠᠭᠠᠨ ᠤ ᠪᠦᠲᠦᠮᠵᠢᠲᠡᠢ ᠬᠠᠲᠠᠭᠤ ᠶᠣᠰᠣ ᠲᠦᠷᠢᠮ᠂ ᠬᠠᠲᠠᠭᠤ ᠪᠠᠷᠢᠮᠵᠢᠶ᠎ᠠ ᠪᠣᠯᠬᠤ ᠶᠢ ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠳᠤ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠤᠨ ᠪᠦᠳᠦᠭᠡᠨ ᠪᠠᠶᠢᠭᠤᠯᠤᠯᠲᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ᠲᠣᠰᠬᠤᠨ ᠤ ᠬᠠᠮᠲᠤ ᠨᠡᠶᠢᠳᠡ᠂ ᠲᠣᠰᠬᠤᠨ ᠤ ᠠᠷᠠᠳ ᠤᠨ ︽ᠬᠤᠣᠰ ᠣᠷᠣᠯᠭ᠎ᠠ ᠶᠢ ᠨᠡᠮᠡᠭᠳᠡᠭᠦᠯᠬᠦ︾ ᠶᠢ ᠪᠡᠶᠡᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠴᠡᠪᠡᠷ ᠴᠡᠮᠴᠡᠭᠡᠷ ᠡᠮᠬᠢ ᠳᠢᠭᠯᠢᠮ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号