6 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠮᠠᠨ ᠤ ᠬᠤᠲᠠ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ | ᠮᠢᠶᠣᠣ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠭᠤᠤ ᠵᠢᠢ ᠶᠧ ᠨᠠᠷ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠵᠦ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠲᠠᠯᠠᠪᠠᠢ ᠶᠢᠨ ᠣᠷᠴᠢᠨ ᠲᠣᠭᠤᠷᠢᠨ᠂ ᠰᠤᠷᠭᠠᠭᠤᠯᠢ ᠶᠢᠨ | ᠬᠦᠷᠢᠶᠡᠨ ᠤ ᠣᠷᠴᠢᠨ ᠲᠣᠭᠤᠷᠢᠨ᠂ ᠵᠢᠭᠠᠨ ᠰᠤᠷᠭᠠᠯᠲᠠ ᠶᠢᠨ ᠲᠥᠬᠦᠭᠡᠷᠦᠮᠵᠢ᠂ ᠪᠠᠭᠰᠢ ᠶᠢᠨ ᠲᠤᠬᠢᠷᠠᠭᠤᠯᠤᠯᠳᠠ | ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠣᠨᠴᠠᠯᠢᠭ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠠᠬᠢᠴᠠ ᠵᠢᠴᠢ ᠣᠷᠣᠰᠢᠵᠤ | ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ | ᠰᠢᠢᠳᠪᠦᠷᠢᠯᠡᠬᠦ ᠵᠢᠯᠣᠭᠤᠳᠬᠤ ᠰᠠᠨᠠᠯ ᠳᠤᠷᠠᠳᠴᠠᠢ᠃ | ᠭᠤᠤ ᠵᠢᠶ ᠶᠧ ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠡᠯ᠎ᠡ ᠵᠦᠢᠯ ᠤᠨ | ᠠᠵᠢᠯ ᠢ ᠰᠠᠶᠢᠲᠤᠷ ᠬᠢᠵᠦ᠂ ᠰᠢᠯᠭᠠᠯᠲᠠ ᠠᠴᠠ ᠡᠮᠦᠨᠡᠬᠢ᠂ ᠰᠢᠯᠭᠠᠯᠲᠠ ᠶᠢᠨ ᠳᠤᠮᠳᠠᠬᠢ᠂ ᠰᠢᠯᠭᠠᠯᠲᠠ ᠶᠢᠨ ᠳᠠᠷᠠᠭᠠᠬᠢ | ᠡᠯ᠎ᠡ ᠵᠦᠶ᠋ᠯ ᠤᠨ ᠠᠵᠢᠯ ᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠢᠯᠭᠠᠯᠲᠠ ᠶᠢᠨ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠲᠥᠰᠦᠯ ᠢᠶᠠᠨ ᠲᠡᠭᠦᠯᠳᠡᠷᠵᠢᠭᠦᠯᠵᠦ᠂ ᠬᠤᠯᠪᠣᠭᠠᠯᠠᠨ ᠬᠠᠮᠵᠢᠯᠴᠠᠵᠤ᠂ | ᠵᠠᠮ ᠬᠠᠷᠢᠯᠴᠠᠭ᠎ᠠ ᠶᠢ ᠰᠢᠯᠤᠭᠤᠳᠬᠠᠬᠤ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠱᠤᠤᠭᠢᠶᠠᠨ ᠢ ᠵᠠᠰᠠᠬᠤ᠂ | ᠢᠳᠡᠭᠡᠨ ᠤ ᠠᠮᠤᠷ ᠲᠦᠪᠰᠢᠨ᠂ ᠣᠨᠴᠠᠭᠠᠶ ᠴᠠᠭ ᠠᠭᠤᠷ ᠢ ᠠᠷᠭᠠᠴᠠᠭᠠᠬᠤ ᠵᠡᠷᠭᠡ ᠠᠵᠢᠯ ᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠬᠢᠵᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠥᠨᠳᠥᠷ ᠪᠦᠲᠦᠮᠵᠢᠲᠡᠶ | ᠠᠵᠢᠯᠯᠠᠬᠤ ᠲᠣᠭᠲᠠᠴᠠ ᠶᠢ ᠪᠦᠷᠢᠯᠳᠦᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ | ᠰᠢᠯᠭᠠᠯᠲᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ ᠭᠡᠪᠡ᠃ | ᠭᠤᠤ ᠵᠢᠢ ᠶᠧ᠂ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠷᠢᠭᠦᠨ ᠤ | ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠰᠤᠷᠭᠠᠨ ᠬᠥᠮᠦᠵᠢᠯ ᠤᠨ ᠣᠷᠣᠭᠤᠯᠤᠯᠲᠠ ᠪᠠ | ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠨ ᠤ ᠬᠤᠳᠠ ᠶᠢᠨ ᠰᠤᠷᠭᠠᠨ ᠬᠥᠮᠦᠵᠢᠯ ᠤᠨ | ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠡᠩᠨᠡᠭᠡᠨ ᠤ | ᠤᠯᠤᠰ ᠲᠥᠷᠥ ᠶᠢᠨ ᠬᠡᠪ ᠴᠢᠨᠠᠷ᠂ ᠪᠠᠭᠰᠢ ᠶᠢᠨ ᠶᠣᠰᠣ ᠮᠣᠷᠠᠯ ᠤᠨ ᠪᠣᠯᠪᠠᠰᠤᠷᠠᠯ ᠪᠠ ᠲᠤᠰᠬᠠᠶ ᠮᠡᠷᠭᠡᠵᠢᠯ ᠤᠨ ᠬᠡᠪ | ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠶᠢ ᠪᠥᠬᠦ ᠲᠠᠯ᠎ᠠ ᠪᠠᠷ ᠬᠥᠲᠥᠯᠦᠨ | ᠵᠢᠯᠣᠭᠤᠳᠴᠤ ᠪᠠᠶᠢᠭᠠᠳ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠬᠠᠯᠠᠭᠤᠨ ᠰᠡᠳᠬᠢᠯᠭᠡ ᠪᠠ ᠬᠠᠷᠢᠭᠤᠴᠠᠯᠭ᠎ᠠ ᠶᠢ | ᠠᠵᠢᠯ ᠤᠨ ᠳᠤᠮᠳᠠ ᠠᠭᠤᠰᠤᠯᠴᠠᠭᠤᠯᠵᠤ᠂ ᠰᠢᠯᠢᠳᠡᠭ ᠰᠠᠶᠢᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢᠶᠠᠷ ᠵᠢᠭᠠᠨ | ᠰᠤᠷᠭᠠᠯᠲᠠ ᠶᠢᠨ ᠰᠤᠷᠲᠠᠯ ᠢ ᠳᠠᠶᠢᠴᠢᠯᠠᠨ᠂ ᠰᠤᠷᠤᠯᠴᠠᠬᠤ ᠰᠤᠷᠲᠠᠯ ᠢ ᠠᠬᠢᠭᠤᠯᠬᠤ ᠬᠡᠷᠡᠭᠲᠡᠶ᠃ ᠴᠢᠨᠠᠷ ᠰᠠᠶᠢᠲᠠᠶ | ᠲᠡᠩᠴᠡᠭᠦᠷᠢᠲᠡᠶ ᠪᠠᠶᠢᠬᠤ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠠᠮᠠ ᠶᠢᠨ | ᠬᠤᠪᠢᠷᠠᠯᠲᠠ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠵᠦ᠂ ᠪᠠᠯᠠ ᠮᠥᠩᠭᠦ᠂ ᠪᠠᠭᠰᠢ ᠶᠢᠨ ᠡᠬᠢ | ᠪᠠᠶᠠᠯᠢᠭ ᠢ ᠰᠠᠶᠢᠲᠤᠷ ᠨᠢᠭᠡᠳᠦᠯᠲᠡᠶ ᠲᠥᠯᠥᠪᠯᠡᠨ᠂ ᠰᠤᠷᠭᠠᠨ ᠬᠥᠮᠦᠵᠢᠯ ᠤᠨ ᠪᠡᠯᠡᠳᠬᠡᠮᠵᠢ ᠶᠢ ᠲᠠᠰ ᠳᠡᠪᠰᠢᠭᠦᠯᠦᠨ | ᠥᠭᠡᠷᠡᠴᠢᠯᠡᠬᠦ ᠶᠢ ᠴᠢᠩᠭᠠᠳᠬᠠᠵᠤ᠂ ᠪᠠᠭᠰᠢ ᠶᠢᠨ ᠬᠠᠷᠠᠭᠠᠯᠵᠠᠯ ᠤᠨ ᠪᠠᠲᠤᠯᠠᠭ᠎ᠠ ᠶᠢ ᠴᠢᠩᠭᠠᠳᠬᠠᠨ᠂ ᠰᠢᠯᠢᠳᠡᠭ | ᠴᠢᠳᠠᠪᠤᠷᠢᠲᠠᠨ ᠢ ᠲᠡᠳᠡᠨ ᠠᠪᠴᠢᠷᠠᠵᠤ᠂ ᠰᠤᠷᠭᠠᠨ ᠬᠥᠮᠦᠵᠢᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ | ᠬᠡᠷᠡᠭᠲᠡᠶ ᠭᠡᠪᠡ᠃ |