ᠬᠤᠤᠯᠢᠩᠭᠤᠤᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠡᠭᠡᠳᠦ ᠳᠤᠮᠳᠠᠳᠤ  ᠳᠤ ᠰᠢᠯᠭᠠᠭᠤᠯᠬᠤ ᠬᠤᠭᠤᠴᠠᠭᠠᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/6/25
     ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠣᠶᠢᠷᠠᠳᠴᠤ᠂ 2025 ᠣᠨ ᠤ ᠥᠨᠳᠥᠷ ᠵᠡᠷᠭᠡ ᠶᠢᠨ ᠲᠡᠭᠡᠳᠦ ᠳᠤᠮᠳᠠᠳᠤ ᠶᠢᠨ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠰᠢᠯᠭᠠᠭᠤᠯᠤᠭᠴᠢ ᠳᠤ ᠨᠠᠮ ᠲᠣᠭᠲᠠᠭᠤᠨ ᠰᠢᠯᠭᠠᠯᠲᠠ ᠪᠠ ᠠᠮᠠᠷᠠᠬᠤ ᠣᠷᠴᠢᠨ ᠨᠥᠬᠦᠴᠡᠯ ᠢ ᠪᠣᠶ ᠪᠣᠯᠭᠠᠵᠤ᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠲᠣᠭᠲᠠᠭᠠᠯ ᠢ ᠦᠨᠳᠦᠰᠦᠯᠡᠨ᠂ ᠬᠤᠤᠯᠢᠩᠭᠤᠤᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠤᠭᠤᠴᠠᠭᠠᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄ ᠨᠢᠭᠡ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠴᠠᠭ᠄ 2025 ᠣᠨ ᠤ 6 ᠰᠠᠷ᠎ᠠ ᠶᠢᠨ 25 ᠤ ᠡᠳᠦᠷ ᠤᠨ 8᠄ 00 ᠠᠴᠠ 6 ᠰᠠᠷ᠎ᠠ ᠶᠢᠨ 28 ᠤ ᠡᠳᠦᠷ 17᠄ 00᠃ ᠬᠤᠶᠠᠷ᠂ ᠬᠤᠸᠠᠷ ᠫᠤᠤᠵᠢᠩ ᠲᠠᠯᠪᠢᠬᠤ  ᠶᠢ ᠴᠠᠭᠠᠵᠠᠯᠠᠬᠤ ᠣᠷᠣᠨ ᠪᠦᠰᠡ᠄ ᠬᠤᠤᠯᠢᠩᠭᠤᠤᠯ ᠬᠤᠲᠠ ᠶᠢᠨ ᠭᠤᠤᠯ ᠬᠤᠲᠠ ᠶᠢᠨ ᠲᠣᠭᠤᠷᠢᠭ ᠲᠤ᠃ ᠭᠤᠷᠪᠠ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠴᠠᠭ᠂ ᠭᠠᠵᠠᠷ ᠲᠤ ᠬᠤᠸᠠᠷ ᠫᠤᠤᠵᠢᠩ ᠲᠠᠯᠪᠢᠭᠰᠠᠨ ᠪᠤᠶᠤ ᠣᠯᠠᠨ ᠨᠡᠶᠢᠲᠡ ᠶᠢᠨ ᠠᠮᠤᠷ ᠲᠦᠪᠰᠢᠨ ᠪᠠ ᠬᠥᠮᠦᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠠᠷᠭ᠎ᠠ ᠮᠠᠶ᠋ᠢᠭ ᠢᠶᠠᠷ ᠬᠤᠸᠠᠷ ᠫᠤᠤᠵᠢᠩ ᠲᠠᠯᠪᠢᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ ᠲᠠᠯᠪᠢᠬᠤ ᠶᠢ ᠨᠢ ᠵᠣᠭᠰᠣᠭᠠᠵᠤ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ︔ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠦᠷᠢᠯᠳᠦᠭᠦᠯᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ᠃ ᠳᠥᠷᠪᠡ᠂ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠲᠦᠮᠡᠨ ᠤ ᠰᠢᠯᠭᠠᠯᠲᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ᠲᠠᠯᠪᠢᠬᠤ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠃ ᠥᠷᠭᠡᠨ ᠣᠯᠠᠨ ᠲᠦᠮᠡᠨ ᠢᠳᠡᠪᠬᠢᠲᠡᠶ ᠪᠠᠷ ᠬᠠᠮᠵᠢᠯᠴᠠᠵᠤ᠂ ᠥᠷᠭᠡᠨ ᠣᠯᠠᠨ ᠰᠢᠯᠭᠠᠭᠤᠯᠤᠭᠴᠢ ᠳᠤ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠬᠤ ᠶᠢ ᠬᠦᠰᠡᠵᠦ ᠪᠠᠶᠢᠨ᠎ᠠ᠃       ᠣᠨᠴᠠᠭᠠᠶᠢᠯᠠᠨ ᠵᠠᠷᠯᠠᠪᠠ        ᠬᠤᠤᠯᠢᠩᠭᠤᠤᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2025 ᠣᠨ ᠤ 06 ᠰᠠᠷ᠎ᠠ ᠶᠢᠨ 24 ᠤ ᠡᠳᠦᠷ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号