ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ | ᠣᠶ ᠰᠢᠭᠤᠶ ᠶᠢ ᠡᠪᠳᠡᠵᠦ ᠡᠪᠡᠰᠦ ᠪᠡᠯᠴᠢᠭᠡᠷ ᠢ ᠰᠦᠢᠳᠬᠡᠬᠦ᠂ ᠳᠤᠷ᠎ᠠ ᠪᠠᠷ ᠢᠶᠠᠨ ᠬᠠᠭᠠᠯᠪᠤᠷᠢᠯᠠᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠨ᠂ ᠣᠶ | ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠴᠢᠳᠠᠪᠤᠷᠢ ᠪᠠ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠤᠬᠠᠭᠤᠯᠤᠨ ᠬᠥᠮᠦᠵᠢᠭᠦᠯᠬᠦ ᠠᠵᠢᠯᠲᠠᠨ ᠤ ᠶᠠᠪᠤᠳᠠᠯ ᠤᠨ ᠰᠠᠯᠠᠭ᠎ᠠ ᠬᠠᠮᠲᠤᠷᠠᠨ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠠᠵᠢᠯ ᠤᠨ ᠥᠷᠲᠡᠭᠡ᠂ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠰᠠᠯᠠᠭ᠎ᠠ᠂ ᠣᠶ ᠰᠢᠭᠤᠶ ᠶᠢᠨ | ᠠᠵᠢᠯ ᠤᠨ ᠥᠷᠲᠡᠭᠡ᠂ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠵᠡᠷᠭᠡ | ᠬᠠᠮᠢᠶ᠎ᠠ ᠪᠥᠬᠦᠶ ᠰᠠᠯᠠᠭ᠎ᠠ ᠲᠠᠰᠤᠭ ᠲᠠᠢ ᠬᠠᠮᠲᠤᠷᠠᠨ᠂ ᠲᠤᠰᠬᠠᠶ ᠤᠬᠠᠭᠤᠯᠭ᠎ᠠ ᠶᠢᠨ ᠳᠤᠭᠤᠶᠢᠯᠠᠩ ᠢ ᠵᠣᠬᠢᠶᠠᠨ | ᠪᠠᠶᠢᠭᠤᠯᠵᠤ᠂ 5 ᠰᠠᠷ᠎ᠠ ᠶᠢᠨ 30 ᠤ ᠡᠳᠦᠷ ᠠᠴᠠ 6 ᠰᠠᠷ᠎ᠠ ᠶᠢᠨ 20 ᠤ ᠡᠳᠦᠷ ᠪᠣᠯᠲᠠᠯ᠎ᠠ ᠭᠤᠷᠪᠠᠨ ᠭᠠᠷᠠᠭ ᠤᠨ | ᠬᠤᠭᠤᠴᠠᠭ᠎ᠠ ᠲᠠᠢ ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠷᠢᠳ | ᠬᠤᠵᠢᠳ ᠴᠠᠭᠳᠠᠭ᠎ᠠ ᠲᠣᠰᠬᠤᠨ᠂ ᠬᠡᠷᠡᠮᠳᠦ ᠲᠣᠰᠬᠤᠨ᠂ ᠪᠠᠷᠠᠭᠤᠨ ᠪᠤᠷᠭᠠᠰᠤᠲᠠᠶ ᠭᠠᠴᠠᠭ᠎ᠠ᠂ ᠲᠠᠯᠠᠶᠢᠬᠤᠰᠢᠭᠤ | ᠲᠣᠰᠬᠤᠨ᠂ ᠬᠦᠨᠳᠡᠢ ᠶᠢᠨ ᠭᠠᠴᠠᠭ᠎ᠠ ᠲᠣᠰᠬᠤᠨ ᠳᠤ ᠭᠦᠨᠵᠡᠭᠡᠶᠢᠷᠡᠨ ᠪᠦᠬᠦᠨ ᠢ ᠬᠠᠮᠤᠷᠤᠭᠰᠠᠨ ᠣᠶ ᠰᠢᠭᠤᠶ ᠨᠤᠲᠤᠭ | ᠪᠡᠯᠴᠢᠭᠡᠷ ᠢ ᠡᠪᠳᠡᠬᠦ ᠲᠤᠰᠬᠠᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠣᠰᠬᠤᠨ ᠪᠠ ᠡᠷᠦᠬᠡ ᠳᠤ ᠬᠦᠷᠴᠦ | ᠤᠬᠠᠭᠤᠯᠤᠨ ᠲᠠᠶᠢᠯᠪᠤᠷᠢᠯᠠᠬᠤ᠂ ᠣᠯᠠᠨ ᠬᠡᠯᠪᠡᠷᠢ ᠪᠠᠷ ᠤᠬᠠᠭᠤᠯᠤᠨ ᠵᠢᠯᠣᠭᠤᠳᠬᠤ ᠪᠠᠷ ᠳᠠᠮᠵᠢᠭᠤᠯᠤᠨ᠂ ᠠᠮᠢ | ᠠᠬᠤᠶ ᠶᠢᠨ ᠬᠠᠮᠠᠭᠠᠯᠠᠯᠲᠠ ᠶᠢᠨ ᠣᠯᠠᠨ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ | ᠢᠯᠡᠳᠲᠡ ᠦᠷ᠎ᠡ ᠪᠦᠲᠦᠮᠵᠢ ᠤᠯᠪᠠ᠃ ᠨᠠᠷᠢᠨ ᠨᠢᠮᠪᠠᠶ ᠪᠡᠯᠡᠳᠬᠡᠵᠦ᠂ ᠨᠠᠷᠢᠨ ᠨᠢᠮᠪᠠᠶ ᠪᠠᠶᠢᠷᠢᠯᠠᠭᠤᠯᠤᠨ᠂ | ᠤᠬᠠᠭᠤᠯᠭ᠎ᠠ ᠶᠢᠨ ᠬᠦᠴᠦᠨ ᠢ ᠴᠢᠩᠭᠠᠳᠬᠠᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠤᠰᠬᠠᠶ ᠰᠡᠳᠦᠪᠲᠦ | ᠬᠤᠷᠠᠯ ᠬᠤᠷᠠᠯᠳᠤᠭᠤᠯᠵᠤ ᠤᠬᠠᠭᠤᠯᠬᠤ ᠲᠥᠰᠦᠯ ᠢ ᠰᠤᠳᠤᠯᠤᠨ ᠲᠣᠭᠲᠠᠭᠠᠵᠤ᠂ ᠡᠭᠦᠷᠭᠡ ᠶᠢᠨ ᠠᠵᠢᠯ ᠤᠨ | ᠬᠤᠪᠢᠶᠠᠷᠢᠯᠠᠯ ᠪᠠ ᠴᠠᠭ ᠤᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠵᠣᠬᠢᠶᠠᠨ ᠪᠠᠶᠢᠭᠤᠯᠤᠨ ᠵᠣᠬᠢᠴᠠᠭᠤᠯᠬᠤ | ᠳᠠᠪᠠᠭᠤᠯᠢᠭ ᠢᠶᠠᠨ ᠭ᠊ ᠬᠦᠢᠴᠡᠳ ᠪᠠᠳᠠᠷᠠᠭᠤᠯᠵᠤ᠂ ᠰᠠᠯᠠᠭ᠎ᠠ ᠲᠠᠰᠤᠭ ᠬᠤᠯᠪᠣᠭᠠᠯᠠᠨ ᠬᠥᠳᠡᠯᠦᠯᠴᠡᠵᠦ᠂ | ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠲᠠᠲᠠᠵᠤ ᠤᠬᠠᠭᠤᠯᠭ᠎ᠠ ᠶᠢᠨ ᠪᠠᠭ᠎ᠠ ᠠᠩᠭᠢ ᠪᠠᠶᠢᠭᠤᠯᠵᠤ᠂ | ᠣᠶ ᠰᠢᠭᠤᠶ ᠡᠪᠡᠰᠦ ᠪᠡᠯᠴᠢᠭᠡᠷ ᠢ ᠬᠤᠬᠢᠷᠠᠭᠤᠯᠤᠭᠰᠠᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ | ᠨᠡᠶᠢᠲᠡᠯᠢᠭ ᠬᠡᠷᠡᠭ ᠤᠨ ᠵᠢᠱᠢᠶ᠎ᠡ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠵᠡᠷᠭᠡ ᠠᠭᠤᠯᠭ᠎ᠠ ᠳᠤ | ᠴᠢᠭᠯᠡᠭᠦᠯᠦᠨ ᠲᠥᠪᠯᠡᠷᠡᠭᠦᠯᠦᠨ ᠪᠣᠯᠪᠠᠰᠤᠷᠠᠭᠤᠯᠵᠤ᠂ ᠤᠬᠠᠭᠤᠯᠬᠤ ᠠᠵᠢᠯᠲᠠᠨ ᠤ ︽ᠲᠥᠷᠥ ᠶᠢᠨ ᠪᠣᠳᠣᠯᠭ᠎ᠠ ᠶᠢ | ᠣᠶᠢᠯᠠᠭᠠᠬᠤ᠂ ᠲᠠᠶᠢᠯᠪᠤᠷᠢᠯᠠᠨ ᠶᠠᠷᠢᠬᠤ᠂ ᠬᠥᠲᠥᠯᠦᠨ ᠵᠢᠯᠣᠭᠤᠳᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ | ᠵᠢᠷᠤᠭ ᠪᠢᠴᠢᠭ ᠢ ᠬᠤᠣᠰᠯᠠᠭᠤᠯᠤᠭᠰᠠᠨ ᠤᠬᠠᠭᠤᠯᠭ᠎ᠠ ᠶᠢᠨ ᠬᠠᠭᠤᠳᠠᠰᠤ᠂ ᠨᠤᠭᠤᠯᠤᠭ᠎ᠠ ᠬᠠᠭᠤᠳᠠᠰᠤ᠂ ᠭᠠᠷ | ᠳᠡᠪᠲᠡᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠠᠭ᠎ᠠ ᠬᠤᠳᠠᠯᠳᠤᠨ ᠠᠪᠬᠤ ᠤᠭᠤᠲᠠ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠵᠢᠴᠢ ᠤᠬᠠᠭᠤᠯᠭ᠎ᠠ ᠶᠢᠨ ᠪᠢᠴᠢᠭ ᠨᠡᠶᠢᠳᠡ 800 ᠭᠠᠷᠤᠢ ᠬᠤᠪᠢ ᠲᠠᠷᠬᠠᠭᠠᠵᠦ᠂ | ᠤᠬᠠᠭᠤᠯᠭ᠎ᠠ ᠶᠢᠨ ᠠᠵᠢᠯᠯᠠᠭ᠎ᠠ ᠳᠤ ᠬᠦᠴᠦᠲᠡᠢ ᠪᠠᠲᠤᠯᠠᠭ᠎ᠠ ᠬᠠᠩᠭᠠᠪᠠ᠃ | | | | ᠠᠶᠢᠯ ᠡᠷᠦᠬᠡ ᠳᠤ ᠬᠦᠷᠴᠦ᠂ ᠨᠠᠷᠢᠯᠢᠭ ᠣᠨᠣᠴᠠᠲᠠᠶ ᠪᠠᠷ ᠤᠬᠠᠭᠤᠯᠤᠨ ᠲᠠᠶᠢᠯᠪᠤᠷᠢᠯᠠᠵᠤ᠂ ᠤᠬᠠᠭᠤᠯᠭ᠎ᠠ ᠶᠢᠨ | ᠪᠣᠳᠠᠲᠤ ᠦᠷ᠎ᠡ ᠪᠦᠲᠦᠮᠵᠢ ᠶᠢᠨ ᠤᠬᠠᠭᠤᠯᠭ᠎ᠠ ᠶᠢᠨ ᠠᠵᠢᠯ ᠤᠨ ᠳᠤᠭᠤᠶᠢᠯᠠᠩ ︽ᠨᠢᠭᠡ ᠲᠣᠰᠬᠤᠨ ᠢ ᠴᠦ | ᠣᠷᠬᠢᠭᠳᠠᠭᠤᠯᠬᠤ ᠥᠬᠡᠶ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ︾ ᠪᠠᠶᠢᠬᠤ ᠪᠠᠷ ᠬᠠᠷᠠᠯᠲᠠ ᠪᠣᠯᠭᠠᠵᠤ᠂ | ᠡᠯ᠎ᠡ ᠭᠠᠴᠠᠭ᠎ᠠ ᠲᠣᠰᠬᠤᠨ ᠳᠤ ᠭᠦᠨᠵᠡᠭᠡᠶᠢᠷᠡᠨ᠂ ︽ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠶᠢ ᠡᠷᠦᠬᠡ ᠳᠤ | ᠬᠦᠷᠴᠦ ᠰᠤᠷᠪᠤᠯᠵᠢᠯᠠᠬᠤ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠤᠬᠠᠭᠤᠯᠭ᠎ᠠ ᠥᠷᠨᠢᠭᠦᠯᠦᠨ᠎ᠡ᠃ ᠡᠯ᠎ᠡ | ᠲᠣᠰᠬᠤᠨ ᠤ ᠰᠣᠶᠣᠯ ᠤᠨ ᠠᠭᠤᠳᠠᠮ ᠲᠠᠯᠠᠪᠠᠢ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠵᠡᠷᠭᠡ | ᠬᠥᠮᠦᠰ ᠲᠥᠪᠯᠡᠷᠡᠭᠰᠡᠨ ᠲᠠᠯᠠᠪᠤᠷ ᠲᠤ᠂ ᠬᠥᠨᠳᠡᠯᠡᠨ ᠪᠢᠴᠢᠭᠡᠰᠦ ᠡᠯᠭᠦᠬᠦ᠂ ᠨᠡᠪᠲᠡᠷᠡᠭᠦᠯᠭᠡ ᠨᠡᠪᠲᠡᠷᠡᠭᠦᠯᠬᠦ᠂ | ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠵᠤ᠂ | ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ ᠤᠯᠠᠨ ᠲᠦᠮᠡᠨ ᠳᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ | ᠤᠢ ᠰᠢᠭᠤᠢ ᠡᠪᠡᠰᠦ ᠪᠡᠯᠴᠢᠭᠡᠷ ᠢ ᠰᠦᠢᠳᠬᠡᠬᠦ ᠶᠢᠨ ᠬᠤᠣᠷ ᠬᠥᠨᠥᠭᠡᠯ᠂ ᠬᠠᠤᠯᠢ ᠴᠠᠭᠠᠵᠠ ᠶᠢᠨ ᠦᠷ᠎ᠡ ᠳ᠋ᠦᠩ ᠵᠢᠴᠢ | ᠢᠯᠡᠴᠢᠯᠡᠨ ᠮᠡᠳᠡᠭᠦᠯᠬᠦ ᠠᠷᠭ᠎ᠠ ᠵᠠᠮ ᠢ ᠨᠠᠷᠢᠨ ᠲᠠᠶᠢᠯᠪᠤᠷᠢᠯᠠᠵᠠᠢ᠃ ᠲᠠᠷᠢᠶᠠᠴᠢᠨ ᠡᠷᠦᠬᠡ ᠳᠤ ᠴᠢᠭᠯᠡᠭᠦᠯᠦᠨ᠂ | ᠤᠬᠠᠭᠤᠯᠬᠤ ᠠᠵᠢᠯᠲᠠᠳ ᠡᠷᠦᠬᠡ ᠳᠠᠷᠠᠭᠠᠯᠠᠨ ᠬᠦᠷᠴᠦ ᠰᠤᠷᠪᠤᠯᠵᠢᠯᠠᠨ᠂ ᠣᠯᠠᠨ ᠲᠦᠮᠡᠨ ᠲᠠᠢ ᠨᠢᠭᠤᠷᠳᠠᠨ | ᠶᠠᠷᠢᠯᠴᠠᠵᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠶ ᠰᠢᠭᠤᠶ ᠡᠪᠡᠰᠦ ᠪᠡᠯᠴᠢᠭᠡᠷ ᠢ ᠰᠦᠢᠳᠬᠡᠵᠦ | ᠠᠮᠢ ᠠᠬᠤᠶ ᠶᠢᠨ ᠣᠷᠴᠢᠨ ᠲᠣᠭᠤᠷᠢᠨ᠂ ᠲᠠᠷᠢᠶᠠᠯᠠᠩ ᠤᠨ ᠦᠢᠯᠡᠳᠪᠦᠷᠢᠯᠡᠯ᠂ ᠣᠷᠣᠨ ᠰᠠᠭᠤᠴᠠ ᠶᠢᠨ ᠠᠮᠤᠷ | ᠲᠦᠪᠰᠢᠨ ᠵᠡᠷᠭᠡ ᠲᠠᠯ᠎ᠠ ᠪᠠᠷ ᠬᠢ ᠨᠥᠯᠥᠭᠡ ᠶᠢ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠲᠠᠶᠢᠯᠪᠤᠷᠢᠯᠠᠵᠤ᠂ | ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ | ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ | ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠬᠤ ᠬᠡᠷᠡᠭᠲᠡᠶ᠃ ᠠᠮᠢ ᠠᠬᠤᠶ ᠶᠢᠨ ᠬᠠᠮᠠᠭᠠᠯᠠᠯᠲᠠ ᠶᠢᠨ | ᠮᠡᠳᠡᠯᠭᠡ ᠶᠢ ᠡᠳᠦᠷ ᠲᠤᠲᠤᠮ ᠤᠨ ᠰᠣᠯᠢᠯᠴᠠᠭ᠎ᠠ ᠳᠤ ᠠᠭᠤᠰᠬᠠᠨ ᠣᠷᠣᠭᠤᠯᠵᠤ᠂ ᠮᠠᠯᠴᠢᠳ ᠤᠨ ᠠᠰᠠᠭᠤᠯᠲᠠ ᠶᠢ | ᠬᠦᠯᠢᠴᠡᠩᠭᠦᠶ ᠪᠠᠷ ᠬᠠᠷᠢᠭᠤᠯᠵᠤ᠂ ᠮᠠᠯᠴᠢᠳ ᠤᠨ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠬᠦ | ᠬᠡᠷᠡᠭᠲᠡᠶ᠃ ᠳᠠᠯᠠᠶᠢᠬᠤᠰᠢᠭᠤ ᠲᠣᠰᠬᠤᠨ ᠳᠤ᠂ ᠤᠬᠠᠭᠤᠯᠬᠤ ᠠᠵᠢᠯᠲᠠᠨ ᠬᠡᠰᠡᠭ ᠲᠣᠰᠬᠤᠨ ᠤ ᠠᠷᠠᠳ ᠤᠨ ᠣᠶᠢᠲᠤ | ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠨᠢ ᠪᠠᠯᠠᠷᠬᠠᠶ ᠲᠠᠨᠢᠯᠲᠠ ᠲᠠᠢ ᠪᠠᠶᠢᠬᠤ ᠶᠢ ᠣᠯᠵᠤ ᠮᠡᠳᠡᠭᠡᠳ᠂ | ᠣᠶᠢᠲᠤ ᠭᠠᠵᠠᠷ᠂ ᠡᠪᠡᠰᠦᠲᠦ ᠭᠠᠵᠠᠷ ᠢ ᠡᠵᠡᠯᠡᠬᠦ ᠠᠵᠢᠯᠯᠠᠭ᠎ᠠ ᠪᠠᠶᠢᠨ ᠳᠠᠬᠢᠨ ᠭᠠᠷᠴᠤ ᠪᠠᠶᠢᠬᠤ ᠶᠢ ᠣᠯᠵᠤ ᠮᠡᠳᠡᠪᠡ᠃ | ᠤᠬᠠᠭᠤᠯᠬᠤ ᠪᠠᠭ᠎ᠠ ᠠᠩᠭᠢ ᠲᠡᠷᠡ ᠳᠠᠷᠤᠶ ᠳᠤᠨᠢ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠵᠤ᠂ | ᠲᠣᠰᠬᠤᠨ ᠤ ᠠᠷᠠᠳ ᠲᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠨ | ᠥᠭᠴᠦ᠂ ᠣᠶᠢᠲᠤ ᠭᠠᠵᠠᠷ᠂ ᠡᠪᠡᠰᠦᠲᠦ ᠭᠠᠵᠠᠷ ᠤᠨ ᠬᠠᠮᠠᠭᠠᠯᠠᠯᠲᠠ ᠶᠢᠨ ᠬᠡᠪᠴᠢᠶ᠎ᠡ ᠪᠣᠯᠤᠨ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠲᠣᠰᠬᠤᠨ ᠤ ᠠᠷᠠᠳ ᠤᠨ ᠪᠤᠷᠤᠭᠤ ᠣᠶᠢᠯᠠᠭᠠᠯᠲᠠ ᠪᠣᠯᠤᠨ ᠠᠵᠠ ᠵᠠᠪᠰᠢᠶᠠᠨ ᠢ ᠪᠦᠲᠦᠮᠵᠢᠲᠡᠶ | ᠠᠷᠢᠯᠭᠠᠪᠠ᠃ ᠪᠠᠶᠢᠩᠭᠤᠵᠢᠭᠰᠠᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠤᠬᠠᠭᠤᠯᠭ᠎ᠠ ᠶᠢᠨ ᠠᠷᠭ᠎ᠠ | ᠬᠡᠯᠪᠡᠷᠢ ᠶᠢᠨ ᠰᠢᠨ᠎ᠡ ᠶᠢ ᠲᠠᠰᠤᠷᠠᠯᠲᠠ ᠥᠬᠡᠶ ᠡᠭᠦᠳᠴᠦ᠂ ᠠᠮᠢ ᠠᠬᠤᠶ ᠶᠢᠨ ᠬᠠᠮᠠᠭᠠᠯᠠᠯᠲᠠ ᠶᠢᠨ | ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠳᠥᠯᠭᠢᠨ ᠠᠬᠢᠭᠤᠯᠵᠤ᠂ ᠬᠥᠬᠡᠮᠳᠦᠭ | ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ ᠳᠤ ᠬᠦᠴᠦᠲᠡᠶ ᠪᠠᠲᠤᠯᠠᠭ᠎ᠠ ᠬᠠᠩᠭᠠᠪᠠ᠃ | | | | | | | | | |