6 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠪᠦᠯᠬᠦᠮ ᠳᠠᠭᠠᠭᠤᠯᠤᠨ ᠣᠷᠣᠨ ᠤ ᠬᠤᠪᠢᠶᠠᠷᠢᠯᠠᠯ ᠤᠨ ᠵᠠᠭᠠᠭ ᠱᠤᠭᠤᠮ ᠤᠨ ᠲᠤᠰᠬᠠᠶ ᠰᠡᠳᠦᠪᠲᠦ ᠪᠠᠶᠢᠴᠠᠭᠠᠨ | ᠰᠤᠳᠤᠯᠤᠯᠲᠠ ᠶᠢ ᠥᠷᠨᠢᠭᠦᠯᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠠᠭᠠᠭ ᠱᠤᠭᠤᠮ ᠤᠨ ᠬᠠᠮᠢᠶᠠᠷᠤᠯᠲᠠ ᠶᠢᠨ | ᠠᠵᠢᠯ ᠢ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠵᠤ᠂ ᠣᠷᠣᠨ ᠪᠦᠰᠡ ᠶᠢᠨ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠬᠢᠯᠢ ᠶᠢᠨ ᠵᠠᠭᠠᠭ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ | ᠬᠠᠮᠠᠭᠠᠯᠠᠬᠤ ᠳᠤ ᠴᠢᠭᠯᠡᠯ ᠢ ᠵᠢᠭᠠᠵᠦ ᠥᠭᠪᠡ᠃ ᠭᠤᠤ ᠵᠢᠢ ᠶᠧ ᠨᠡᠷ ᠤᠯᠠᠨ ᠵᠠᠩᠭᠢᠯᠠᠭ᠎ᠠ ᠶᠢᠨ ᠭᠠᠵᠠᠷ ᠤᠨ ᠬᠡᠰᠡᠭ ᠢ | ᠪᠠᠶᠢᠴᠠᠭᠠᠨ ᠦᠵᠡᠵᠦ᠂ ᠵᠠᠭᠠᠭ ᠤᠨ ᠪᠠᠭᠠᠨ᠎ᠠ ᠶᠢᠨ ᠪᠠᠶᠢᠷᠢᠯᠠᠭᠤᠯᠤᠯᠲᠠ ᠪᠣᠯᠤᠨ ᠬᠠᠮᠠᠭᠠᠯᠠᠯᠲᠠ᠂ ᠵᠠᠭᠠᠭ ᠱᠤᠭᠤᠮ ᠤᠨ | ᠢᠯᠡᠳᠬᠡᠮᠵᠢ ᠪᠣᠳᠠᠰ ᠤᠨ ᠪᠦᠷᠢᠨ ᠪᠦᠲᠦᠨ ᠬᠡᠮᠵᠢᠶ᠎ᠡ ᠵᠢᠴᠢ ᠭᠠᠵᠠᠷ ᠤᠨ ᠳᠦᠷᠰᠦ ᠭᠠᠵᠠᠷ ᠤᠨ ᠪᠣᠳᠠᠰ ᠤᠨ | ᠬᠤᠪᠢᠷᠠᠯᠲᠠ ᠶᠢᠨ ᠵᠠᠭᠠᠭ ᠱᠤᠭᠤᠮ ᠳᠤ ᠲᠣᠭᠲᠠᠭᠠᠭᠰᠠᠨ ᠨᠥᠯᠥᠭᠡ ᠶᠢ ᠨᠠᠷᠢᠨ ᠣᠶᠢᠯᠠᠭᠠᠪᠠ᠃ ᠭᠤᠤ ᠵᠢᠢ ᠶᠧ᠂ | ᠣᠷᠣᠨ ᠬᠤᠪᠢᠶᠠᠷᠢᠯᠠᠯ ᠤᠨ ᠵᠠᠭᠠᠭ ᠱᠤᠭᠤᠮ ᠤᠨ ᠠᠵᠢᠯ ᠨᠢ ᠭᠠᠵᠠᠷ ᠣᠷᠣᠨ ᠤ ᠬᠤᠭᠤᠷᠣᠨᠳᠣᠬᠢ ᠡᠶ᠎ᠡ ᠵᠣᠬᠢᠴᠠᠩᠭᠤᠢ | ᠲᠣᠭᠲᠠᠭᠤᠨ ᠪᠠᠶᠢᠳᠠᠯ ᠲᠠᠢ ᠬᠤᠯᠪᠣᠭᠳᠠᠵᠤ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠬᠤ ᠪᠣᠯᠬᠤᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ | ᠬᠡᠷᠡᠭᠲᠡᠢ᠃ ᠬᠠᠮᠢᠶᠠᠷᠤᠨ ᠬᠠᠮᠠᠭᠠᠯᠠᠬᠤ ᠶᠠᠪᠤᠴᠠ ᠶᠢ ᠰᠢᠯᠢᠳᠡᠭᠵᠢᠭᠦᠯᠵᠦ᠂ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠨᠠᠷᠢᠯᠢᠬᠵᠢᠭᠤᠯᠵᠤ᠂ ᠵᠠᠭᠠᠭ ᠤᠨ ᠱᠣᠩ ᠵᠥᠪ ᠣᠨᠣᠪᠴᠢᠲᠠᠢ᠂ ᠵᠠᠭᠠᠭ ᠱᠤᠭᠤᠮ ᠤᠨ ᠲᠡᠮᠳᠡᠭ | ᠪᠣᠳᠠᠰ ᠢ ᠲᠣᠳᠣᠷᠬᠠᠢ ᠢᠯᠭᠠᠨ ᠲᠠᠨᠢᠵᠤ᠂ ᠬᠢᠯᠢ ᠶᠢᠨ ᠬᠠᠮᠢᠶᠠᠷᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠢ᠃ ᠤᠯᠠᠨ ᠲᠦᠮᠡᠨ ᠤ ᠬᠢᠯᠢ ᠶᠢᠨ ᠵᠠᠭᠠᠭ ᠤᠨ ᠤᠬᠠᠮᠰᠠᠷ ᠢ ᠴᠢᠩᠭᠠᠳᠬᠠᠵᠤ᠂ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠠᠮᠲᠤ ᠪᠠᠷ ᠪᠠᠶᠢᠭᠤᠯᠵᠤ | ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠠᠷᠠᠳ ᠤᠨ ᠶᠠᠪᠤᠳᠠᠯ ᠤᠨ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ |