︽ᠲᠤᠯᠤᠭᠠᠨ ᠰᠠᠷ᠎ᠠ ᠶᠢᠨ ᠨᠢᠭᠡᠨ︾ ᠤ ᠨᠠᠮ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ | ᠨᠠᠮ ᠤᠨ ᠵᠣᠬᠢᠶᠠᠨ ᠪᠠᠶᠢᠭᠤᠯᠤᠯᠲᠠ ᠠᠴᠠ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠶ ᠨᠠᠮ ᠤᠨ ᠭᠡᠰᠢᠭᠦᠨ ᠤ | ᠬᠠᠯᠠᠮᠵᠢᠯᠠᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 27 ᠤ ᠡᠳᠦᠷ ᠤᠨ | ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠵᠧᠤ ᠬᠠᠶ ᠮᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠵᠧ ᠬᠤᠸᠠ ᠮᠠᠨ ᠤ ᠬᠤᠲᠠ ᠶᠢᠨ ᠬᠦᠴᠢᠷᠳᠡᠯᠲᠡᠶ ᠠᠬᠠᠮᠠᠳ ᠨᠠᠮ ᠤᠨ | ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ | ᠬᠦᠷᠭᠡᠭᠰᠡᠨ ᠪᠥᠭᠡᠳ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠢᠶᠠᠷ ᠳᠠᠮᠵᠢᠭᠤᠯᠤᠨ ᠪᠥᠬᠦ ᠬᠤᠲᠠ ᠶᠢᠨ ᠥᠷᠭᠡᠨ | ᠣᠯᠠᠨ ᠨᠠᠮ ᠤᠨ ᠭᠡᠰᠢᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃ ᠬᠤᠲᠠ ᠶᠢᠨ | ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠠᠯᠠᠶᠢᠬᠤᠰᠢᠭᠤ | ᠰᠤᠮᠤ᠂ ᠮᠦᠰᠦᠲᠠᠢ ᠵᠡᠭᠡᠯᠢ ᠭᠤᠳᠤᠮᠵᠢ ᠵᠡᠷᠭᠡ ᠬᠠᠮᠢᠶ᠎ᠠ ᠪᠦᠬᠦᠢ ᠬᠥᠮᠦᠰ ᠪᠠᠷ᠎ᠠ ᠪᠣᠯᠪᠠ᠃ | ᠶᠠᠳᠠᠭᠤ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠨᠢ ᠱᠤᠤ ᠰᠢᠶᠤᠤ᠂ ᠶᠠᠩ ᠬᠤᠸᠠ ᠸᠧᠨ ᠤ ᠭᠡᠷ ᠲᠤ᠂ | ᠵᠧᠦ ᠬᠠᠢ ᠮᠢᠨ᠂ ᠯᠢᠦ ᠵᠧ ᠬᠤᠸᠠ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠪᠣᠯᠤᠨ | ᠪᠣᠳᠠᠲᠠᠢ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠠᠮ ᠤᠨ | ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠠᠯᠠᠮᠵᠢᠯᠠᠨ ᠬᠠᠶᠢᠷᠠᠯᠠᠬᠤ ᠪᠠ ᠬᠠᠪᠰᠤᠷᠤᠨ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠴᠠᠭ ᠢᠮᠠᠭᠲᠠ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠢ ᠨᠠᠮ ᠤᠨ | ᠭᠡᠰᠢᠭᠦᠨ ᠤ ᠬᠠᠯᠠᠭᠤᠨ ᠳᠤᠯᠠᠭᠠᠨ ᠢ ᠰᠡᠳᠬᠢᠯ ᠳᠡᠭᠡᠨ ᠪᠤᠳᠤᠵᠤ᠂ ᠡᠯ᠎ᠡ ᠵᠦᠢᠯ ᠤᠨ ᠪᠠᠲᠤᠯᠠᠭ᠎ᠠ ᠶᠢᠨ ᠲᠦᠷᠦ ᠶᠢᠨ | ᠪᠤᠳᠤᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠬᠦᠴᠢᠷᠳᠡᠯ ᠢ ᠨᠢ ᠰᠡᠳᠬᠢᠯ ᠲᠠᠯᠪᠢᠨ | ᠬᠠᠪᠰᠤᠷᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠠᠬᠠᠮᠠᠳ ᠨᠠᠮ ᠤᠨ ᠭᠡᠰᠢᠭᠦᠳ | ᠪᠡᠶ᠎ᠡ ᠪᠠᠨ ᠭᠠᠮᠨᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ | ᠠᠩᠬᠠᠷᠴᠤ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠬᠤᠤᠯᠢᠩᠭᠤᠤᠯ ᠤᠨ ᠬᠥᠭᠵᠢᠯᠲᠡ ᠶᠢᠨ ᠰᠢᠨ᠎ᠡ | ᠵᠢᠷᠤᠭ ᠲᠥᠰᠦᠪ ᠢ ᠬᠠᠮᠲᠤ ᠪᠠᠷ ᠵᠢᠷᠤᠭᠯᠠᠬᠤ ᠶᠢ ᠬᠦᠰᠡᠵᠦ ᠪᠠᠶᠢᠨ᠎ᠠ ᠭᠡᠵᠡᠶ᠃ |