6 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ | ᠠᠵᠢᠯ ᠤᠨ ᠬᠤᠷᠠᠯ ᠵᠢᠴᠢ ᠭᠤᠤᠯᠳᠠᠯᠭ᠎ᠠ ᠲᠠᠢ ᠬᠦᠷᠢᠶᠡᠨ ᠳᠠᠬᠢ ︽ᠨᠢᠭᠡ ᠶᠠᠪᠤᠳᠠᠯ︾ ᠤᠨ ᠪᠥᠬᠦ ᠬᠡᠯᠬᠢᠶᠡᠨ ᠤ | ᠵᠠᠰᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠬᠤᠲᠠ ᠶᠢᠨ ᠳᠠᠷᠤᠭ᠎ᠠ᠂ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠨᠡᠷ᠎ᠡ ᠳᠤᠷᠠᠳᠤᠭᠰᠠᠨ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠱᠧᠨ ᠢᠦᠶ ᠰᠢᠤ ᠬᠤᠷᠠᠯ ᠢ ᠡᠷᠭᠢᠯᠡᠵᠦ᠂ ᠬᠤᠲᠠ ᠶᠢᠨ ᠤᠳᠤᠷᠢᠳᠤᠯᠭ᠎ᠠ ᠸᠠᠩ ᠮᠢᠶᠣᠣ᠂ | ᠯᠢᠦ ᠽᠧᠩ ᠰᠢ᠂ ᠸᠠᠩ ᠵᠢᠶᠦ᠋ᠨ ᠭᠦᠸᠧ᠂ ᠰᠥᠩ ᠴᠢ ᠵᠧ᠂ ᠰᠦᠨ ᠸᠧᠶ ᠨᠠᠨ᠂ ᠵᠣᠣ ᠱᠢ ᠶᠢᠨ᠂ ᠬᠤᠲᠠ ᠶᠢᠨ | ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠭᠤᠤᠯᠳᠠᠯᠭ᠎ᠠ ᠲᠠᠢ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ | ᠨᠥᠬᠦᠳ ᠬᠤᠷᠠᠯ ᠳᠤ ᠣᠷᠣᠯᠴᠠᠵᠠᠶ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠵᠢᠯ ᠤᠨ ᠡᠬᠢᠨ ᠠᠴᠠ ᠨᠠᠰᠢᠬᠢ ᠪᠦᠬᠦ ᠬᠤᠳᠠ ᠶᠢᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠭᠰᠡᠨ ᠪᠥᠭᠡᠳ ︽ᠠᠶᠤᠯᠭᠦᠢ | ᠦᠢᠯᠡᠳᠪᠦᠷᠢᠯᠡᠯ ᠤᠨ ᠰᠠᠷ᠎ᠠ︾ ᠶᠢᠨ ᠠᠵᠢᠯ ᠤᠨ ᠲᠥᠰᠦᠯ ᠢ ᠲᠠᠶᠢᠯᠪᠤᠷᠢᠯᠠᠪᠠ︔ ᠪᠠᠴᠢᠮ ᠪᠠᠶᠢᠳᠠᠯ ᠢ ᠠᠷᠭᠠᠴᠠᠬᠤ᠂ | ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠭᠠᠯ ᠤᠨᠲᠠᠷᠠᠭᠠᠬᠤ ︽ᠨᠢᠭᠡ ᠶᠠᠪᠤᠳᠠᠯ︾ | ᠤᠨ ᠪᠦᠬᠦ ᠬᠡᠯᠬᠢᠶ᠎ᠡ ᠶᠢᠨ ᠵᠠᠰᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ︔ ᠡᠯ᠎ᠡ ᠬᠤᠳᠠ ᠶᠢᠨ | ᠳᠡᠳ᠋ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ | ᠲᠤᠬᠢᠷᠠᠭᠤᠯᠤᠨ ᠪᠠᠶᠢᠷᠢᠯᠠᠭᠤᠯᠵᠠᠢ᠃ ᠵᠢᠢ ᠬᠠᠶ ᠶᠠᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠶᠤᠯᠭᠦᠶ ᠦᠢᠯᠡᠳᠪᠦᠷᠢᠯᠡᠯ ᠢ ᠲᠡᠷᠢᠭᠦᠨ ᠴᠢᠬᠤᠯᠠ ᠶᠠᠪᠤᠳᠠᠯ | ᠪᠣᠯᠭᠠᠨ ᠠᠳᠬᠤᠵᠤ᠂ ᠪᠥᠬᠦ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠢᠳᠡᠪᠬᠢᠲᠡᠶ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢᠨ ᠰᠢᠪᠲᠤᠯᠤᠯᠲᠠ ᠶᠢᠨ ᠵᠢᠯ ᠤᠨ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ | ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ | ᠠᠳᠬᠤᠵᠤ᠂ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠪᠠᠷᠢᠯᠭ᠎ᠠ᠂ ᠵᠢᠭᠤᠯᠴᠢᠯᠠᠯ᠂ ᠢᠳᠡᠭᠡᠨ | ᠤᠮᠳᠠᠭᠠᠨ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ | ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ︽ᠨᠢᠭᠡ ᠶᠠᠪᠤᠳᠠᠯ︾ ᠤᠨ ᠪᠥᠬᠦ ᠬᠡᠯᠬᠢᠶ᠎ᠡ ᠶᠢ | ᠴᠡᠭᠴᠡᠯᠡᠨ ᠵᠠᠰᠠᠬᠤ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠬᠥᠮᠦᠨ ᠬᠠᠷ᠎ᠠ ᠬᠤᠷᠠᠨ | ᠴᠤᠭᠯᠠᠷᠠᠭᠰᠠᠨ ᠲᠠᠯᠠᠪᠤᠷ ᠭᠠᠵᠠᠷ ᠲᠤ ᠭᠠᠯ ᠨᠣᠴᠣᠭᠠᠬᠤ ᠠᠵᠢᠯ ᠪᠠ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ | ᠮᠠᠲ᠋ᠧᠷᠢᠶᠠᠯ᠂ ᠠᠶᠤᠯᠲᠠᠶ ᠬᠢᠮᠢ ᠶᠢᠨ ᠪᠣᠳᠠᠰ᠂ ᠬᠤᠲᠠ ᠪᠠᠯᠭᠠᠰᠤᠨ ᠤ ᠰᠢᠲᠠᠮᠠᠬᠠᠶ ᠬᠡᠶ ᠵᠡᠷᠭᠡ ᠭᠤᠤᠯᠳᠠᠯᠭ᠎ᠠ ᠲᠠᠢ | ᠠᠵᠢᠯ ᠲᠥᠷᠥᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠲᠣᠤᠷ ᠲᠠᠲᠠᠬᠤ ᠬᠡᠯᠪᠡᠷᠢ ᠶᠢᠨ ᠥᠪᠡᠰᠦᠪᠡᠨ | ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠥᠷᠨᠢᠭᠦᠯᠵᠦ᠂ ᠯᠠᠪᠳᠠᠭᠤᠨ ᠪᠠᠲᠤᠲᠠᠶ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠪᠠᠷ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠩᠭ᠎ᠠ ᠠᠳᠬᠤᠨ | ᠴᠢᠩᠭ᠎ᠠ ᠬᠠᠮᠢᠶᠠᠷᠬᠤ ᠶᠢ ᠪᠠᠷᠢᠮᠲᠠᠯᠠᠵᠤ᠂ ᠴᠢᠩᠭ᠎ᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ | ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ᠂ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ᠂ | ᠬᠢᠨᠠᠯᠲᠠ ᠲᠠᠯᠪᠢᠵᠤ ᠪᠣᠳᠠᠲᠠᠢ ᠬᠡᠷᠡᠭᠵᠢᠭᠦᠯᠬᠦ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ | ᠠᠵᠢᠯ ᠢ ᠴᠢᠩᠭ᠎ᠠ ᠨᠢᠮᠪᠠᠢ ᠪᠣᠳᠠᠲᠠᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃ | |