ᠶᠡᠭᠡ ᠳᠡᠭᠡᠳᠦ ᠰᠤᠷᠭᠠᠭᠤᠯᠢ ᠶᠢᠨ ᠰᠢᠯᠭᠠᠯᠳᠠ ᠨᠢ ᠲᠦᠮᠡᠨ ᠰᠤᠷᠤᠭᠴᠢᠳ ᠤᠨ ᠠᠮᠢᠳᠤᠷᠠᠯ ᠤᠨ ᠴᠢᠬᠤᠯᠠ | ᠵᠠᠩᠭᠢᠯᠠᠭ᠎ᠠ ᠪᠣᠯᠬᠤ ᠪᠠᠷ ᠪᠠᠷᠠᠬᠤ ᠦᠭᠡᠢ᠂ ᠬᠠᠯᠠᠮᠵᠢ ᠶᠢ ᠰᠢᠯᠭᠠᠬᠤ ᠴᠠᠭ ᠪᠣᠯᠤᠨ᠎ᠠ᠃ 6 ᠰᠠᠷ᠎ᠠ ᠶᠢᠨ 7 ᠤ | ᠡᠳᠦᠷ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠩᠬᠠᠨ ᠤ ᠡᠳᠦᠷ᠂ ᠬᠤᠶᠠᠷ ᠴᠠᠭ ᠤᠨ | ᠪᠠᠴᠢᠮ ᠶᠠᠭᠠᠷᠠᠤ ᠦᠨᠡᠮᠯᠡᠯ ᠡᠷᠢᠬᠦ ᠠᠵᠢᠯᠯᠠᠭ᠎ᠠ ᠨᠢ ᠬᠤᠤᠯᠢᠩᠭᠤᠤᠯ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠠᠵᠢᠯᠯᠠᠭ᠎ᠠ ᠪᠠᠷ ᠢᠶᠠᠨ ᠪᠢᠴᠢᠭᠰᠡᠨ ︽ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ︾ | ᠶᠢ ᠭᠡᠷᠡᠴᠢᠯᠡᠪᠡ᠃ | ᠲᠤᠬᠠᠶ ᠶᠢᠨ ᠡᠳᠦᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠰᠢᠯᠭᠠᠭᠤᠯᠤᠭᠴᠢ ᠰᠢᠶᠤᠤ ᠰᠢᠩ ︵ | ᠪᠤᠷᠤᠭᠤᠯᠠᠭᠰᠠᠨ ᠨᠡᠷ᠎ᠡ︶ ᠬᠡᠷ ᠲᠡᠭᠡᠨ ᠪᠤᠴᠠᠬᠤ ᠵᠠᠮ ᠳᠤ ᠪᠠᠨ ᠪᠣᠯᠭᠤᠮᠵᠢ ᠥᠬᠡᠶ ᠪᠠᠷ ᠰᠢᠯᠭᠠᠯᠲᠠ ᠶᠢᠨ | ᠦᠨᠡᠮᠯᠡᠯ ᠢᠶᠠᠨ ᠭᠡᠭᠡᠭᠰᠡᠨ ᠪᠠᠶᠢᠨ᠎ᠠ᠃ ᠡᠨᠡ ᠬᠦ ᠰᠤᠷᠤᠭᠴᠢᠳ ᠤᠨ12 ᠵᠢᠯ ᠤᠨ ᠰᠢᠷᠭᠠᠭᠤ | ᠬᠠᠳᠠᠭᠤᠵᠢᠯᠳᠠᠢ ᠴᠢᠷᠮᠠᠶᠢᠯᠭ᠎ᠠ ᠶᠢᠨ ᠦᠷ᠎ᠡ ᠪᠦᠳᠦᠭᠡᠯ ᠢ ᠠᠴᠢᠶᠠᠯᠠᠵᠤ ᠪᠠᠶᠢᠭ᠎ᠠ ᠴᠢᠬᠤᠯᠠ ᠭᠡᠷᠡᠴᠢ ᠦᠨᠡᠮᠯᠡᠯ ᠨᠢ | ᠭᠡᠭᠡᠭᠳᠡᠪᠡᠯ᠂ ᠲᠠᠷᠠᠭᠠᠴᠢ ᠶᠢᠨ ᠰᠢᠯᠭᠠᠯᠲᠠ ᠳᠤ ᠤᠷᠤᠯᠴᠠᠵᠦ ᠳᠡᠶᠢᠯᠬᠦ ᠦᠭᠡᠢ ᠪᠣᠯᠣᠨ᠎ᠠ᠃ ᠣᠷᠣᠢ ᠶᠢᠨ 20 | ᠴᠠᠭ ᠤᠨ ᠦᠶ᠎ᠡ ᠪᠠᠷ᠂ ᠪᠠᠴᠢᠮᠳᠠᠵᠦ ᠰᠠᠨᠳᠤᠷᠤᠭᠰᠠᠨ ᠰᠤᠷᠤᠭᠴᠢ ᠰᠢᠷ᠎ᠠ ᠬᠦᠤᠷ ᠲᠣᠮᠢᠯᠠᠭᠰᠠᠨ ᠰᠠᠯᠪᠤᠷᠢ ᠳᠤ ᠬᠦᠷᠴᠦ | ᠲᠤᠰᠠᠯᠠᠮᠵᠢ ᠭᠤᠶᠤᠪᠠ᠃ | ᠬᠡᠷᠡᠭ ᠤᠨ ᠪᠠᠶᠢᠳᠠᠯ ᠪᠣᠯ ᠵᠠᠷᠯᠢᠭ᠂ ᠰᠠᠬᠢᠨ ᠬᠠᠮᠠᠭᠠᠯᠠᠬᠤ ᠪᠣᠯ ᠬᠠᠷᠢᠭᠤᠴᠠᠯᠭ᠎ᠠ ᠮᠥᠨ᠃ ᠰᠢᠷ᠎ᠠ ᠬᠦᠤᠷ | ᠲᠣᠮᠢᠯᠠᠭᠰᠠᠨ ᠰᠠᠯᠪᠤᠷᠢ ᠴᠠᠭᠳᠠᠭ᠎ᠠ ᠶᠢ ᠭᠥᠯᠢᠶᠡᠨ ᠠᠪᠤᠭᠰᠠᠨ ᠤ ᠳᠠᠷᠠᠭ᠎ᠠ᠂ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠨᠢᠭᠡᠳᠦᠯᠲᠡᠶ ᠰᠢᠯᠭᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠷᠡ ᠳᠠᠷᠤᠶ ᠳᠤᠨᠢ | ᠡᠬᠢᠯᠡᠭᠦᠯᠵᠦ᠂ ᠴᠠᠭᠳᠠᠭᠠᠨ ᠤ ᠬᠦᠴᠦᠨ ᠢ ᠦᠳᠲᠡᠷ ᠲᠦᠷᠭᠡᠨ ᠲᠠᠲᠠᠵᠤ ᠦᠨᠡᠮᠯᠡᠯ ᠡᠷᠢᠬᠦ ᠳᠤᠭᠤᠶᠢᠯᠠᠩ ᠢ | ᠪᠠᠶᠢᠭᠤᠯᠪᠠ᠃ ᠴᠠᠭ ᠮᠥᠴᠡ ᠲᠠᠢ ᠤᠷᠤᠯᠳᠤᠨ ᠵᠠᠪᠠᠯ ᠡᠷᠢᠬᠦ ᠡᠭᠦᠷᠭᠡ ᠶᠢᠨ ᠡᠮᠦᠨ᠎ᠡ᠂ ᠲᠡᠷᠡ ᠳᠠᠷᠤᠢ ᠳᠤᠨᠢ ᠪᠣᠰᠤᠭ᠎ᠠ | ᠴᠤᠭᠴᠠᠵᠢᠭᠰᠠᠨ ᠡᠷᠢᠯᠲᠡ ᠶᠢ ᠥᠷᠨᠢᠭᠦᠯᠪᠡ᠄ ᠨᠢᠭᠡ ᠲᠠᠯ᠎ᠠ ᠪᠠᠷ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠰᠢᠰᠲ᠋ᠧᠮ ᠳᠤ ᠲᠦᠰᠢᠭᠯᠡᠨ᠂ ᠰᠢᠯᠭᠠᠭᠤᠯᠤᠭᠴᠢ ᠶᠢᠨ ᠶᠠᠪᠤᠵᠦ ᠦᠩᠭᠡᠷᠡᠭᠰᠡᠨ ᠵᠠᠮ ᠢᠶᠠᠷ ᠳᠠᠬᠢᠨ ᠲᠠᠪᠳᠠᠨ ᠡᠷᠢᠵᠦ᠂ | ᠰᠢᠯᠭᠠᠭᠤᠯᠤᠭᠴᠢ ᠶᠢᠨ ᠦᠨᠡᠮᠯᠡᠯ ᠢᠶᠠᠨ ᠭᠡᠭᠡᠭᠳᠡᠵᠦ ᠮᠡᠳᠡᠬᠦ ᠭᠠᠵᠠᠷ ᠢ ᠣᠨᠣᠪᠴᠢᠲᠠᠶ ᠲᠤᠳᠤᠯᠠᠵᠦ᠂ ᠨᠥᠭᠦᠭᠡ | ᠲᠠᠯ᠎ᠠ ᠪᠠᠷ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠤᠨ ᠡᠷᠬᠢᠨ ᠲᠣᠭᠤᠷᠢᠨ ᠤ ᠬᠤᠳᠠᠯᠳᠤᠭᠠᠨ ᠤ ᠡᠷᠦᠬᠡ ᠳᠤ | ᠭᠦᠨᠵᠡᠭᠡᠶᠢᠷᠡᠨ᠂ ᠡᠷᠦᠬᠡ ᠳᠠᠷᠠᠭᠠᠯᠠᠨ ᠰᠦᠪᠡᠭᠴᠢ ᠶᠢ ᠵᠢᠭᠰᠠᠭᠠᠨ ᠪᠠᠶᠢᠴᠠᠭᠠᠵᠠᠢ︔ ᠡᠭᠦᠨ ᠤ ᠬᠠᠮᠲᠤ᠂ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠨ ᠢ ᠭᠦᠢᠴᠡᠳ ᠪᠠᠳᠠᠷᠠᠭᠤᠯᠵᠤ᠂ ᠨᠡᠶᠢᠭᠡᠮ | ᠲᠣᠭᠤᠷᠢᠭ ᠤᠨ ᠸᠢᠴᠠᠲ ᠤᠨ ᠪᠦᠯᠦᠭᠯᠡᠯ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠣᠯᠠᠨ ᠲᠦᠮᠡᠨ ᠢ ᠳᠠᠶᠢᠴᠢᠯᠠᠨ | ᠬᠠᠮᠲᠤᠪᠠᠷ ᠡᠷᠢᠵᠦ ᠬᠠᠶᠢᠪᠠ᠃ ᠣᠯᠠᠨ ᠱᠤᠭᠤᠮ ᠵᠡᠷᠭᠡ ᠪᠠᠷ ᠣᠷᠣᠬᠤ᠂ ᠴᠠᠭᠳᠠᠭ᠎ᠠ ᠠᠷᠠᠳ ᠬᠤᠯᠪᠣᠭᠠᠯᠠᠨ | ᠬᠥᠳᠡᠯᠦᠯᠴᠡᠬᠦ ᠥᠨᠳᠥᠷ ᠪᠦᠲᠦᠮᠵᠢᠲᠡᠶ ᠠᠵᠢᠯᠯᠠᠭ᠎ᠠ ᠨᠢ ᠪᠥᠬᠦ ᠣᠷᠣᠨ ᠪᠦᠰᠡ ᠶᠢ ᠬᠠᠮᠤᠷᠤᠭᠰᠠᠨ ᠡᠷᠢᠵᠦ ᠡᠷᠢᠬᠦ | ᠲᠣᠤᠷ ᠰᠦᠯᠵᠢᠶ᠎ᠡ ᠶᠢ ᠵᠣᠬᠢᠶᠠᠨ ᠪᠠᠶᠢᠭᠤᠯᠵᠤ᠂ ᠰᠢᠯᠭᠠᠨ ᠨᠤᠲᠠᠯᠠᠬᠤ ᠳᠤ ᠡᠷᠬᠢᠮ ᠨᠠᠨᠳᠢᠨ ᠴᠠᠭ ᠬᠤᠭᠤᠴᠠᠭ᠎ᠠ ᠶᠢ | ᠣᠯᠤᠭᠰᠠᠨ ᠪᠠᠶᠢᠨ᠎ᠠ᠃ | ᠡᠳᠦᠷ ᠠᠭᠠᠵᠢᠮ ᠢᠶᠠᠷ ᠬᠠᠷᠠᠩᠭᠤᠢ ᠪᠤᠯᠵᠦ ᠠᠷᠠᠳ ᠤᠨ ᠴᠠᠭᠳᠠᠭᠠᠨ ᠤ ᠲᠤᠰᠠᠯᠠᠬᠤ ᠴᠠᠭᠳᠠᠭ᠎ᠠ ᠶᠢᠨ ᠠᠯᠬᠤᠭ᠎ᠠ | ᠬᠠᠷᠢᠨ ᠵᠣᠭᠰᠣᠵᠤ ᠥᠩᠭᠡᠷᠡᠭᠰᠡᠨ ᠦᠭᠡᠢ᠃ ᠬᠤᠶᠠᠷ ᠴᠠᠭ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ | ᠴᠠᠭᠳᠠᠭ᠎ᠠ ᠠᠷᠠᠳ ᠭᠠᠷ ᠬᠤᠯᠪᠣᠯᠴᠠᠨ ᠬᠠᠮᠵᠢᠯᠴᠠᠵᠤ᠂ ᠡᠴᠦᠰ ᠲᠡᠭᠡᠨ ᠰᠥᠨᠢ ᠶᠢᠨ ᠵᠠᠬ᠎ᠠ ᠳᠡᠯᠭᠡᠭᠦᠷ ᠤᠨ ᠨᠢᠭᠡᠨ | ᠬᠤᠳᠠᠯᠳᠤᠭᠠᠨ ᠤ ᠳᠡᠯᠭᠡᠭᠦᠷ ᠠᠴᠠ ᠭᠡᠭᠡᠭᠳᠡᠭᠰᠡᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢ ᠣᠯᠤᠭᠰᠠᠨ ᠪᠠᠶᠢᠨ᠎ᠠ᠃ | ᠠᠷᠠᠳ ᠤᠨ ᠴᠠᠭᠳᠠᠭ᠎ᠠ ᠰᠦᠢᠳᠦᠯ ᠢᠶᠠᠨ ᠪᠦᠷᠢᠨ ᠪᠦᠲᠦᠨ᠂ ᠬᠤᠬᠢᠷᠠᠯ ᠳᠤ ᠤᠴᠠᠷᠠᠭᠰᠠᠨ ᠦᠭᠡᠢ ᠵᠥᠪᠰᠢᠶᠡᠷᠡᠯ ᠤᠨ | ᠦᠨᠡᠮᠯᠡᠯ ᠢᠶᠠᠨ ᠰᠢᠶᠤᠤ ᠰᠢᠩ ᠤᠨ ᠭᠠᠷ ᠲᠤ ᠲᠤᠰᠢᠶᠠᠬᠤ ᠦᠶ᠎ᠡ ᠳᠤ᠂ ᠡᠨᠡ ᠬᠦ ᠨᠤᠭᠤᠷᠠᠯ ᠪᠦᠳᠦᠷᠢᠯ ᠢ | ᠥᠩᠭᠡᠷᠡᠭᠡᠭᠰᠡᠨ ᠪᠠᠭᠠᠴᠤᠳ᠄ ︽ᠲᠠ ᠨᠠᠷ ᠲᠤ ᠮᠠᠰᠢ ᠲᠠᠯᠠᠷᠬᠠᠵᠤ ᠪᠠᠶᠢᠨ᠎ᠠ︕ ᠣᠳᠣ ᠪᠢ ᠰᠢᠯᠭᠠᠯᠲᠠ ᠶᠢᠨ | ᠲᠠᠯᠠᠪᠠᠢ ᠳᠤ ᠤᠷᠤᠭᠰᠢᠲᠠᠢ ᠪᠠᠷ ᠣᠷᠣᠵᠤ ᠴᠢᠳᠠᠨ᠎ᠠ︕︾ ᠭᠡᠪᠡ᠃ ᠡᠨᠡ ᠬᠦ ᠳᠠᠬᠢᠨ ᠣᠯᠤᠭᠰᠠᠨ ᠰᠢᠯᠭᠠᠯᠲᠠ ᠨᠢ | ᠨᠢᠭᠡ ᠬᠡᠷ ᠪᠦᠯᠢ ᠶᠢᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠬᠤ ᠪᠠᠷ ᠪᠠᠷᠠᠬᠤ ᠥᠬᠡᠶ᠂ ᠨᠠᠩ ᠴᠤ ᠠᠷᠠᠳ ᠤᠨ | ᠴᠠᠭᠳᠠᠭ᠎ᠠ ᠶᠢᠨ ᠠᠷᠠᠳ ᠤᠨ ᠠᠮᠢᠳᠤᠷᠠᠯ ᠢ ᠬᠠᠮᠠᠭᠠᠯᠠᠬᠤ ᠣᠭ ᠰᠠᠨᠠᠭ᠎ᠠ ᠪᠠ ᠡᠭᠦᠷᠭᠡᠯᠡᠯ ᠢ ᠭᠡᠷᠡᠴᠢᠯᠡᠪᠡ᠃ ᠬᠡᠷᠡᠭ | ᠮᠡᠳᠡᠭᠦᠯᠦᠭᠰᠡᠨ ᠠᠴᠠ ᠡᠷᠢᠵᠤ ᠤᠯᠳᠠᠯ᠎ᠠ᠂ ᠭᠤᠭᠴᠤᠭ᠎ᠠ ᠨᠢᠭᠡᠪᠦᠷᠢ ᠨᠢ ᠴᠥᠮ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ︽ᠣᠯᠠᠨ ᠲᠦᠮᠡᠨ ᠤ ᠶᠠᠪᠤᠳᠠᠯ ᠳᠤ ᠪᠠᠭ᠎ᠠ ᠶᠠᠪᠤᠳᠠᠯ ᠪᠠᠶᠢᠬᠤ ᠦᠭᠡᠢ︾ ᠦᠢᠯᠡᠴᠢᠯᠡᠭᠡᠨ ᠤ ᠬᠡᠪ | ᠴᠢᠨᠠᠷ ᠢ ᠢᠯᠡᠷᠡᠭᠦᠯᠵᠦ᠂ ᠴᠢᠷᠮᠠᠶᠢᠯᠭ᠎ᠠ ᠨᠢᠭᠡᠪᠦᠷᠢ ᠨᠢ ᠴᠥᠮ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ | ᠺᠠᠳ᠋ᠷ ᠴᠠᠭᠳᠠᠭ᠎ᠠ ᠶᠢᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠬᠠᠷᠠᠭᠤᠯᠵᠤ ᠪᠠᠶᠢᠨ᠎ᠠ᠃ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠬᠤᠤᠯᠢᠩᠭᠤᠤᠯ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠲᠣᠭᠤᠷᠢᠨ ᠴᠠᠭᠳᠠᠵᠤ | ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠨ | ᠰᠢᠯᠭᠠᠭᠤᠯᠤᠭᠴᠢ ᠳᠤ ᠳᠥᠭᠦᠮ ᠳᠥᠲᠡ ᠦᠢᠯᠡᠴᠢᠯᠡᠭᠡ ᠬᠠᠩᠭᠠᠵᠤ᠂ ᠡᠷᠡᠰ ᠪᠠᠲᠤ ᠭᠠᠷ ᠢᠶᠠᠷ ᠢᠶᠠᠨ ᠥᠷᠭᠡᠨ ᠣᠯᠠᠨ | ᠰᠤᠷᠤᠭᠴᠢᠳ ᠲᠤ ᠰᠠᠨᠠᠭ᠎ᠠ ᠠᠮᠤᠷ ᠰᠢᠯᠭᠠᠯᠲᠠ ᠳᠤ ᠣᠷᠣᠯᠴᠠᠬᠤ ᠤᠷᠴᠢᠨ ᠢ ᠪᠤᠢ ᠪᠤᠯᠭᠠᠪᠠ᠃ | | | |