6 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠪᠦᠯᠬᠦᠮ ᠳᠠᠭᠠᠭᠤᠯᠤᠨ ᠠᠬᠠᠮᠠᠳ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠪᠥᠬᠦ ᠬᠤᠲᠠ ᠶᠢᠨ ᠥᠷᠭᠡᠨ ᠣᠯᠠᠨ | ᠨᠠᠮ ᠤᠨ ᠭᠡᠰᠢᠭᠦᠨ ᠳᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠸᠠᠩ ᠷᠦᠢ ᠰᠢᠨ᠂ ᠬᠤᠲᠠ ᠶᠢᠨ ᠤᠬᠤᠷᠢᠬᠤ ᠦᠢᠯᠡᠴᠢᠯᠡᠬᠡᠨ ᠤ ᠲᠥᠪ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠨᠥᠬᠦᠳ ᠣᠷᠣᠯᠴᠠᠵᠠᠶ᠃ | | | | | | | ᠡᠨᠡ ᠵᠢᠯ 75 ᠨᠠᠰᠤᠲᠠᠶ ᠠᠬᠠᠮᠠᠳ ᠨᠠᠮ ᠤᠨ ᠭᠡᠰᠢᠭᠦᠨ ᠵᠠᠩ ᠭᠦᠸᠧ ᠹᠦ᠋ ᠪᠣᠯ ᠴᠡᠷᠢᠭ ᠠᠴᠠ | ᠬᠠᠯᠠᠭᠳᠠᠭᠰᠠᠳ ᠤᠨ ᠢᠷᠠᠭᠤ ᠠᠯᠳᠠᠷ ᠮᠥᠨ᠂ ᠪᠠᠰᠠ ᠴᠤ ︽ᠨᠠᠮ ᠤᠨ ᠬᠡᠰᠢᠬᠦᠨ ᠪᠤᠯᠤᠭᠰᠠᠨ ᠢᠷᠠᠭᠤ ᠠᠯᠳᠠᠷ ᠲᠠᠢ | 50 ᠵᠢᠯ︾ ᠤᠨ ᠳᠤᠷᠠᠰᠬᠠᠯ ᠤᠨ ᠲᠡᠮᠳᠡᠭ ᠬᠦᠷᠲᠡᠭᠴᠢ ᠮᠥᠨ᠃ ᠵᠠᠩ ᠭᠦᠸᠧ ᠹᠦ᠋ ᠶᠢᠨ ᠭᠡᠷ ᠲᠤ᠂ ᠭᠤᠤ ᠵᠢᠢ ᠶᠧ᠂ | ᠸᠠᠩ ᠷᠦᠢ ᠰᠢᠨ ᠲᠡᠭᠦᠨ ᠲᠠᠢ ᠵᠣᠭᠤᠭᠳᠠᠵᠤ᠂ ᠲᠡᠭᠦᠨ ᠤ ᠪᠡᠶ᠎ᠡ ᠮᠠᠬᠠᠪᠣᠳ ᠤᠨ ᠪᠠᠶᠢᠳᠠᠯ᠂ ᠭᠡᠷ ᠪᠦᠯᠢ ᠪᠣᠯᠤᠨ | ᠠᠮᠢᠳᠤᠷᠠᠯ ᠤᠨ ᠪᠠᠶᠢᠳᠠᠯ ᠵᠢᠴᠢ ᠡᠳᠦᠷ ᠳᠤᠳᠤᠮ ᠤᠨ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ | ᠠᠰᠠᠭᠤᠳᠠᠯ ᠢ ᠨᠠᠷᠢᠨ ᠣᠶᠢᠯᠠᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠠᠬᠠᠮᠠᠳ ᠨᠠᠮ ᠤᠨ ᠭᠡᠰᠢᠭᠦᠨ ᠢ | ᠬᠠᠯᠠᠮᠵᠢᠯᠠᠵᠤ ᠪᠠᠶᠢᠭ᠎ᠠ ᠪᠠ ᠰᠠᠨᠠᠭᠠᠰᠢᠷᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠡᠭᠦᠨ ᠢ ᠪᠡᠶ᠎ᠡ ᠪᠠᠨ ᠬᠢᠴᠢᠶᠡᠵᠦ᠂ | ᠲᠡᠭᠦᠨ ᠢ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ | ᠤᠬᠠᠭᠠᠨ ᠭᠠᠷᠭᠠᠬᠤ ᠶᠢ ᠬᠦᠰᠡᠪᠡ᠃ ᠭᠤᠤ ᠵᠢᠶ ᠶᠧ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠠᠩᠬᠠᠷᠴᠤ᠂ ᠦᠷᠭᠦᠯᠵᠢ ᠪᠣᠯᠭᠤᠭᠠᠨ ᠦᠵᠡᠵᠦ᠂ | ᠲᠡᠳᠡᠨ ᠤ ᠬᠦᠴᠢᠷ ᠵᠣᠪᠠᠭᠤᠷᠢ ᠶᠢ ᠦᠨᠡᠨ ᠰᠡᠳᠬᠢᠯ ᠠᠴᠠ ᠪᠠᠨ ᠰᠢᠢᠳᠪᠦᠷᠢᠯᠡᠨ ᠥᠭᠴᠦ᠂ ᠨᠠᠮ ᠤᠨ ᠬᠠᠶᠢᠷ᠎ᠠ | ᠬᠠᠯᠠᠮᠵᠢ ᠶᠢ ᠲᠡᠳᠡᠨ ᠤ ᠰᠡᠳᠬᠢᠯ ᠳᠤ ᠬᠦᠷᠭᠡᠵᠦ᠂ ᠡᠯ᠎ᠡ ᠵᠦᠢᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠬᠤᠤᠯᠢᠩᠭᠤᠤᠯ ᠤᠨ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠪᠠᠷ ᠡᠳ᠋ᠯᠡᠬᠦ ᠬᠡᠷᠡᠭᠲᠡᠶ᠃ ᠥᠷᠭᠡᠨ ᠣᠯᠠᠨ ᠨᠠᠮ ᠤᠨ ᠭᠡᠰᠢᠭᠦᠨ ᠠᠬᠠᠮᠠᠳ ᠨᠠᠮ ᠤᠨ ᠭᠡᠰᠢᠭᠦᠨ ᠢᠶᠠᠷ | ᠰᠤᠷᠤᠯᠴᠠᠬᠤ ᠳᠠᠭᠤᠷᠢᠶᠠᠯ ᠪᠣᠯᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠢᠷᠮᠠᠶᠢᠨ | ᠲᠡᠮᠡᠴᠡᠵᠦ ᠬᠤᠪᠢ ᠨᠡᠮᠡᠷᠢ ᠦᠵᠡᠭᠦᠯᠵᠦ᠂ ᠬᠤᠤᠯᠢᠩᠭᠤᠤᠯ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠪᠦᠲᠦᠭᠡᠨ ᠪᠠᠶᠢᠭᠤᠯᠤᠯᠲᠠ ᠳᠤ ᠤᠯᠠᠮ ᠨᠢᠭᠡ ᠠᠯᠬᠤᠮ ᠬᠦᠴᠦᠨ ᠴᠢᠳᠠᠯ ᠢᠶᠠᠨ ᠨᠢᠭᠲᠠᠷᠠᠭᠤᠯᠬᠤ | ᠬᠡᠷᠡᠭᠲᠡᠶ ᠭᠡᠵᠠᠢ᠃ | | |