ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/7/2
  ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 1 ᠤ ᠡᠳᠦᠷ᠂ ︽ᠶᠤᠰᠦ ᠪᠠᠷ ᠲᠦᠩᠯᠢᠶᠣᠤ ᠢᠶᠠᠨ ᠤᠷᠢᠶᠠᠯᠠᠶ᠎ᠠ︾ ᠭᠡᠬᠦ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠳᠠ ᠶᠢᠨ ᠵᠠᠰᠠᠭ ᠵᠠᠬᠢᠷᠭᠠᠨ ᠤ ᠲᠥᠪ ᠤᠨ 1 ᠳ᠋ᠤᠭᠡᠷ ᠳᠠᠪᠬᠤᠷᠯᠢᠭ ᠤᠨ ᠤᠯᠠᠨ ᠴᠢᠳᠠᠮᠵᠢᠳᠤ ᠬᠤᠷᠠᠯ ᠤᠨ ᠭᠡᠷ ᠲᠤ ᠶᠠᠪᠤᠭᠳᠠᠪᠠ᠃ ᠲᠦᠩᠯᠢᠶᠣᠤ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠮᠠᠨ ᠤ ᠬᠤᠲᠠ ᠶᠢᠨ ᠭᠡᠷ ᠲᠡᠭᠡᠨ ᠪᠠᠶᠢᠭ᠎ᠠ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠪᠦᠬᠦ ᠬᠤᠲᠠ ᠶᠢᠨ ᠵᠢᠩᠬᠢᠨᠢ ᠰᠠᠯᠠᠭᠠᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ︽ᠬᠤᠤᠯᠢᠩᠭᠤᠤᠯ ᠬᠤᠲᠠ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠴᠢᠳᠠᠪᠤᠷᠢᠲᠠᠨ ᠤ ᠬᠥᠮᠥᠷᠭᠡ︾ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠣᠷᠣᠯᠴᠠᠪᠠ᠃ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠠᠭᠰᠢ ︽ᠤᠬᠠᠭᠤᠯᠤᠨ ᠲᠠᠶᠢᠯᠪᠤᠷᠢᠯᠠᠬᠤ + ᠦᠵᠡᠭᠳᠡᠯᠲᠦ ᠵᠦᠴᠦᠭᠡ︾᠂ ︽ᠤᠬᠠᠭᠤᠯᠤᠨ ᠲᠠᠶᠢᠯᠪᠤᠷᠢᠯᠠᠬᠤ + ᠦᠯᠢᠭᠡᠷ︾᠂ ︽ᠤᠬᠠᠭᠤᠯᠤᠨ ᠲᠠᠶᠢᠯᠪᠤᠷᠢᠯᠠᠬᠤ +ᠤᠨᠤᠯ︾ ᠵᠡᠷᠭᠡ ᠬᠡᠯᠪᠡᠷᠢ ᠶᠢ ᠠᠪᠴᠤ᠂ ︽ᠥᠪᠥᠷ ᠮᠣᠩᠭᠤᠯ   ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠠᠮᠢ ᠠᠬᠤᠢ ᠶᠢᠨ ᠳᠡᠪᠢᠰᠬᠡᠷ ᠥᠩᠭᠡ ᠶᠢᠨ ᠡᠭᠦᠷᠭᠡᠯᠡᠯ ᠲᠠᠢ︾᠂ ︽ᠬᠤᠤᠯᠢᠩᠭᠤᠤᠯ ᠤᠨ ᠨᠡᠭᠦᠷᠡᠰᠦᠨ ᠠᠭᠤᠷᠬᠠᠢ ᠶᠢᠨ ᠪᠣᠬᠢᠷᠲᠤᠯ ᠦᠭᠡᠢ - ᠳᠦᠷᠰᠦ ᠬᠤᠪᠢᠷᠠᠭᠰᠠᠨ ᠲᠡᠮᠳᠡᠭᠯᠡᠯ︾᠂ ︽ᠰᠢᠨ᠎ᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠶᠢᠨ ᠭᠤᠣᠯᠳᠠᠯᠭ᠎ᠠ ᠪᠣᠯᠤᠨ ᠦᠢᠯᠡᠳᠦᠯᠭᠡ︾᠂ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ︾ ᠵᠡᠷᠭᠡ ᠲᠠᠯ᠎ᠠ ᠪᠠᠷ᠂ ᠠᠮᠢᠳᠤᠯᠢᠭ ᠪᠣᠳᠠᠲᠠᠢ ᠬᠡᠷᠡᠭ ᠤᠨ ᠵᠢᠱᠢᠶ᠎ᠡ᠂ ᠨᠠᠷᠢᠨ ᠪᠣᠳᠠᠲᠠᠢ ᠣᠨᠣᠪᠴᠢᠲᠠᠢ ᠲᠤᠭ᠎ᠠ ᠪᠠᠷᠢᠮᠲᠠ ᠪᠠᠷ ᠳᠠᠮᠵᠢᠭᠤᠯᠵᠤ᠂ ᠮᠠᠨ ᠤ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠬᠢ ᠠᠮᠢᠳᠤᠯᠢᠭ ᠦᠢᠯᠡᠳᠦᠯᠭᠡ ᠶᠢ ᠢᠯᠡᠷᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠳᠤ ᠪᠦᠬᠦ ᠲᠠᠯ᠎ᠠ ᠶᠢᠨ᠂ ᠭᠦᠨᠵᠡᠭᠡᠢ᠂ ᠰᠢᠰᠲ᠋ᠧᠮ ᠲᠠᠢ ᠲᠠᠶᠢᠯᠤᠮᠵᠢ ᠬᠢᠵᠦ᠂ ᠤᠨᠤᠯ ᠤᠨ ᠭᠦᠨᠴᠡ ᠲᠠᠢ ᠪᠥᠭᠡᠳ ᠦᠢᠯᠡᠳᠦᠯᠭᠡ ᠶᠢᠨ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠦᠷ᠎ᠡ ᠪᠦᠲᠦᠮᠵᠢ ᠤᠯᠬᠤ ᠶᠢ ᠪᠠᠲᠤᠯᠠᠵᠤ᠂ ᠬᠤᠤᠯᠢᠩᠭᠤᠤᠯ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠦᠨ᠎ᠡ ᠭᠡᠵᠦ ᠢᠯᠡᠳᠬᠡᠵᠡᠭᠡᠪᠡ᠃ ︽ᠶᠤᠰᠦ ᠪᠠᠷ ᠲᠦᠩᠯᠢᠶᠣᠤ ᠢᠶᠠᠨ ᠤᠷᠢᠶᠠᠯᠠᠶ᠎ᠠ︾ ᠭᠡᠬᠦ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠰᠠ ᠥᠪᠥᠷ ᠮᠣᠩᠭᠤᠯ ᠤᠨ ᠶᠢᠨ ᠯᠢᠶᠠᠨ ᠬᠦᠩᠭᠡᠨᠴᠠᠭᠠᠨ ᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠪᠠ᠃  
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号