ᠲᠤᠮᠳᠠᠳᠦ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠣᠶ ᠶᠢ ᠪᠡᠯᠭᠡᠯᠡᠵᠦ᠂ | ᠲᠥᠪ ᠤᠨ ᠨᠠᠢᠮᠠᠨ ᠲᠤᠭᠳᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 1 ᠤ | ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ︽ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠠᠷᠢᠭᠤᠨ | ᠴᠢᠬᠡᠴᠢ ᠪᠠᠷ ᠰᠠᠭᠤᠷᠢ ᠪᠠᠨ ᠪᠠᠬᠢᠵᠢᠭᠦᠯᠵᠦ᠂ ᠮᠥᠨ ᠴᠢᠨᠠᠷ ᠢᠶᠠᠨ ᠪᠠᠳᠤᠳᠬᠠᠶ᠎ᠠ︾ ᠭᠡᠬᠦ ᠭᠤᠤᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠥᠷᠨᠢᠭᠦᠯᠵᠦ᠂ ᠬᠡᠷ ᠲᠤ ᠪᠠᠨ ᠪᠠᠶᠢᠭ᠎ᠠ ᠭᠠᠵᠠᠷ ᠤᠨ ᠲᠠᠰ ᠤᠨ ᠤᠳᠤᠷᠢᠳᠬᠤ ᠺᠠᠳ᠋ᠷ | ᠣᠷᠣᠯᠴᠠᠵᠠᠶ᠃ ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠬᠤᠳᠠ ᠶᠢᠨ ᠮᠦᠽᠧᠢ ᠶᠢᠨ 4 ᠳ᠋ᠤᠭᠡᠷ | ᠳᠠᠪᠬᠤᠷᠯᠢᠭ ᠤᠨ ᠨᠠᠮ ᠤᠨ ᠭᠡᠰᠢᠭᠦᠨ ᠤ ᠳᠠᠪᠲᠠᠨ ᠪᠣᠯᠪᠠᠰᠤᠷᠠᠵᠤ ᠪᠡᠶᠡᠴᠢᠯᠡᠨ ᠤᠶᠢᠯᠭᠠᠬᠤ ᠣᠷᠳᠣᠨ ᠳᠤ ᠬᠦᠷᠴᠦ᠂ | ᠸᠢᠳᠢᠣ᠋ ᠣᠬᠤᠷ ᠹᠢᠯᠢᠮ ᠢ ᠦᠵᠡᠬᠦ᠂ ᠵᠢᠷᠤᠭ ᠪᠢᠴᠢᠭ ᠮᠠᠲ᠋ᠧᠷᠢᠶᠠᠯ ᠢ ᠭᠦᠶᠦᠯᠭᠡᠨ ᠦᠵᠡᠬᠦ ᠵᠡᠷᠭᠡ ᠠᠷᠭ᠎ᠠ ᠬᠡᠯᠪᠡᠷᠢ ᠪᠠᠷ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤ ᠭᠠᠷᠤᠢ ᠵᠢᠯ ᠤᠨ ᠲᠤᠷᠰᠢᠬᠢ ᠰᠤᠷᠲᠠᠯ ᠤᠨ | ᠪᠠᠶᠢᠭᠤᠯᠤᠯᠲᠠ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠲᠡᠦᠬᠡ ᠶᠢᠨ ᠤᠯᠠᠮᠵᠢᠯᠠᠯ ᠢ | ᠲᠠᠰᠤᠷᠠᠯᠳᠠ ᠦᠭᠡᠢ ᠴᠢᠩᠭᠠᠳᠬᠠᠪᠠ᠃ ᠲᠠᠷᠠᠭ᠎ᠠ ᠨᠢ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠬᠠᠭᠤᠯᠢ | ᠶᠢᠨ ᠪᠠᠭᠰᠢ ᠳ᠋ᠦ᠋ ᠯᠢᠨ ᠯᠢᠨ ᠤ ᠨᠠᠮ ᠤᠨ ᠨᠢᠭᠡᠳᠦᠭᠡᠷ ᠶᠡᠭᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ | ᠬᠦᠷᠲᠡᠯᠡᠬᠢ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠬᠠᠨ ᠤ ᠰᠢᠰᠲ᠋ᠧᠮ᠂ ᠲᠥᠪ ᠤᠨ ᠨᠠᠢᠮᠠᠨ ᠲᠤᠭᠳᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ᠂ ᠲᠥᠪ ᠤᠨ ᠨᠠᠢᠮᠠᠨ ᠲᠤᠭᠳᠠᠭᠠᠯ ᠤᠨ ᠵᠣᠷᠢᠭ ᠰᠠᠨᠠᠭ᠎ᠠ ᠶᠢ | ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠠᠭᠤᠯᠭ᠎ᠠ ᠶᠢᠨ ᠲᠤᠬᠠᠢ ᠲᠠᠶᠢᠯᠤᠮᠵᠢ ᠶᠢ ᠨᠠᠷᠢᠨ ᠬᠢᠨᠠᠮᠠᠬᠠᠢ | ᠰᠣᠨᠣᠰᠴᠤ᠂ ᠨᠢᠭᠡ ᠤᠳᠠᠭᠠᠨ ᠤ ᠭᠦᠨᠵᠡᠭᠡᠢ ᠨᠠᠮᠴᠢ ᠴᠢᠨᠠᠷ ᠤᠨ ᠬᠥᠮᠦᠵᠢᠯ ᠪᠠ ᠵᠣᠷᠢᠭ ᠰᠠᠨᠠᠬᠠᠨ ᠤ ᠳᠠᠪᠲᠠᠯᠲᠠ ᠶᠢ | ᠬᠦᠯᠢᠶᠡᠪᠡ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠤᠯᠭᠠᠵᠦ᠂ ᠰᠤᠷᠲᠠᠯ ᠤᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ | ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠬᠦ ᠶᠢ ᠮᠡᠳᠡᠬᠦ᠂ ᠬᠤᠷᠢᠭ᠎ᠠ ᠱᠤᠭᠤᠮ ᠢ ᠰᠠᠬᠢᠬᠤ ᠶᠢ ᠬᠦᠳᠦᠯᠦᠨ | ᠵᠢᠯᠣᠭᠤᠳᠴᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠬᠠᠨ ᠤ ᠰᠡᠷᠭᠡᠶᠢᠯᠡᠯᠲᠡ ᠶᠢᠨ | ᠱᠤᠭᠤᠮ ᠢ ᠲᠠᠰᠤᠷᠠᠯᠲᠠ ᠦᠭᠡᠢ ᠪᠠᠬᠢᠵᠢᠭᠦᠯᠵᠦ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠬᠡᠬᠦᠳᠡᠭ ᠳᠦᠭᠦᠷᠡᠩ | ᠵᠣᠷᠢᠭ ᠰᠠᠨᠠᠭ᠎ᠠ ᠪᠠᠷ ᠬᠤᠤᠯᠢᠩᠭᠤᠤᠯ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠮᠠᠨ ᠤ | ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠦ | ᠢᠯᠡᠳᠬᠡᠵᠡᠭᠡᠪᠡ᠃ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠲᠦᠩᠯᠢᠶᠣᠤ ᠬᠤᠲᠠ ᠶᠢᠨ ᠤᠯᠤᠰ ᠲᠥᠷᠥ | ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ | ᠶᠧ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠢ ᠳᠠᠬᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ | ᠢᠶᠠᠨ ᠳᠠᠬᠢᠨ ᠤᠩᠰᠢᠨ ᠪᠠᠳᠤᠳᠬᠠᠪᠠ᠃ | | | | |