7 ᠰᠠᠷ᠎ᠠ ᠶᠢᠨ 4 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠷ᠎ᠠ ᠬᠦᠤᠷ ᠵᠡᠭᠡᠯᠢ | ᠭᠤᠳᠤᠮᠵᠢ ᠶᠢᠨ ᠭᠡᠰᠢᠭᠦᠳ ᠤᠨ ᠬᠡᠷ ︵ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠭᠠᠨ ᠤ | ᠨᠢᠭᠡᠳᠦᠭᠡᠷ ᠳᠤᠭᠤᠶᠢᠯᠠᠩ︶ ᠨᠠᠨ ᠶᠤᠸᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ | ᠶᠠᠷᠢᠯᠴᠠᠨ ᠵᠥᠪᠯᠡᠬᠦ ᠠᠵᠢᠯᠯᠠᠭ᠎ᠠ ᠥᠷᠨᠢᠭᠦᠯᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠷᠦᠢ ᠰᠢᠨ ᠠᠵᠢᠯᠯᠠᠭ᠎ᠠ ᠳᠤ ᠣᠷᠣᠯᠴᠠᠵᠤ᠂ ᠨᠢᠭᠡ | ᠪᠦᠯᠦᠭ ᠭᠡᠰᠢᠭᠦᠳ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠭᠡᠰᠢᠭᠦᠳ ᠰᠠᠭᠤᠭᠠᠯᠢ ᠠᠷᠠᠳ ᠤᠨ ᠠᠰᠠᠷ ᠤᠨ ᠵᠠᠮ ᠤᠨ | ᠬᠡᠰᠡᠭ ᠤᠨ ᠵᠠᠮ ᠤᠨ ᠳ᠋ᠧᠩ ᠤᠨ ᠭᠡᠷᠡᠯᠲᠦᠭᠦᠯᠭᠡ᠂ ᠬᠢᠨᠠᠨ ᠡᠵᠡᠮᠳᠡᠬᠦ ᠲᠥᠬᠦᠭᠡᠷᠦᠮᠵᠢ ᠵᠡᠷᠭᠡ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ︽ᠰᠢᠷ᠎ᠠ ᠬᠦᠤᠷ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠤ ᠲᠥᠷᠥᠯ | ᠰᠠᠳᠤᠨ ᠢᠶᠠᠨ ᠲᠠᠨᠢᠬᠤ ᠠᠵᠢᠯᠯᠠᠭ᠎ᠠ︾ ᠲᠠᠢ ᠵᠣᠯᠭᠠᠭᠤᠯᠵᠤ᠂ ᠣᠳᠣᠬᠢ ᠱᠠᠲᠤᠨ ᠤ ᠰᠢᠷ᠎ᠠ ᠬᠦᠤᠷ ᠵᠡᠭᠡᠯᠢ | ᠭᠤᠳᠤᠮᠵᠢ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠠᠶᠢᠳᠠᠯ ᠢ ᠨᠠᠷᠢᠨ | ᠣᠶᠢᠯᠠᠭᠠᠵᠤ᠂ ᠲᠤᠬᠠᠶ ᠶᠢᠨ ᠲᠠᠯᠠᠪᠤᠷ ᠲᠤ ᠵᠦᠢᠯ ᠳᠠᠷᠠᠭᠠᠯᠠᠨ ᠡᠮᠬᠢᠯᠡᠵᠦ᠂ ᠭᠦᠢᠴᠡᠳ ᠵᠥᠪᠳᠡᠯᠴᠡᠬᠦ ᠪᠠᠷ ᠳᠡᠮᠵᠢᠨ᠂ | ᠲᠣᠰ ᠪᠡᠶ᠎ᠡ ᠶᠢᠨ ᠡᠭᠦᠷᠭᠡ ᠴᠢᠳᠠᠪᠤᠷᠢ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ︽ᠨᠠᠷᠢᠯᠢᠭ ᠵᠢᠵᠢᠭ ᠬᠤᠲᠠ︾ | ᠳᠤ ᠬᠦᠴᠦᠨ ᠨᠡᠮᠡᠷᠢᠯᠡᠬᠦ ᠵᠥᠪᠯᠡᠬᠦ ᠰᠡᠳᠦᠪ ᠢ ᠲᠣᠳᠣᠷᠬᠠᠶᠢᠯᠠᠵᠤ᠂ ᠬᠢᠮᠳᠠ ᠲᠦᠷᠢᠶᠡᠰᠦᠨ ᠠᠰᠠᠷ ᠤᠨ ᠵᠢᠵᠢᠭ | ᠲᠣᠭᠤᠷᠢᠭ ᠲᠤ ᠵᠠᠮ ᠤᠨ ᠳ᠋ᠧᠩ ᠤᠭᠰᠠᠷᠠᠬᠤ ᠵᠢᠴᠢ ᠬᠢᠨᠠᠨ ᠡᠵᠡᠮᠳᠡᠬᠦ᠂ ᠬᠦᠴᠢᠷᠳᠡᠯᠲᠡᠶ ᠣᠯᠠᠨ ᠲᠦᠮᠡᠨ ᠢ | ᠬᠠᠪᠰᠤᠷᠤᠨ ᠲᠡᠳᠬᠦᠬᠦ ᠵᠡᠷᠭᠡ 3 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠲᠥᠪᠯᠡᠷᠡᠭᠦᠯᠦᠨ ᠬᠢᠨᠠᠵᠦ ᠠᠪᠴᠠᠢ᠃ | | | | | ᠸᠠᠩ ᠷᠦᠢ ᠰᠢᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠭᠡᠷ ᠪᠣᠯ ᠡᠯ᠎ᠡ ᠲᠠᠯ᠎ᠠ ᠶᠢᠨ ᠬᠦᠴᠦᠨ ᠢ | ᠨᠢᠭᠲᠠᠷᠠᠭᠤᠯᠬᠤ᠂ ᠨᠡᠶᠢᠭᠡᠮ ᠤᠨ ᠵᠠᠰᠠᠯᠲᠠ ᠳᠤ ᠬᠦᠴᠦᠨ ᠨᠡᠮᠡᠷᠢᠯᠡᠬᠦ ᠦᠨᠳᠦᠰᠦᠨ ᠱᠠᠲᠤᠨ ᠤ ᠲᠠᠪᠴᠠᠩ ᠮᠥᠨ᠂ | ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠬᠢᠭᠡᠳ ᠦᠨᠳᠦᠰᠦᠨ ᠱᠠᠲᠤᠨ ᠤ ᠵᠠᠰᠠᠯᠲᠠ ᠶᠢᠨ ᠭᠦᠨᠵᠡᠭᠡᠶ | ᠠᠭᠤᠰᠤᠯᠴᠠᠯ ᠢ ᠳᠥᠯᠭᠢᠨ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ ᠪᠠᠭ᠎ᠠ ᠳᠤᠭᠤᠶᠢᠯᠠᠩ ᠤᠨ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠲᠥᠷᠥ ᠶᠢᠨ ᠵᠥᠪᠯᠡᠯᠭᠡᠨ ᠤ ᠰᠢᠷ᠎ᠠ ᠬᠦᠤᠷ ᠵᠡᠭᠡᠯᠢ ᠶᠢᠨ | ᠭᠡᠰᠢᠭᠦᠳ ᠤᠨ ᠬᠡᠷ ᠪᠦᠯᠢ ᠶᠢ ᠰᠠᠶᠢᠲᠤᠷ ᠠᠰᠢᠭᠯᠠᠨ᠂ ᠰᠢᠷ᠎ᠠ ᠬᠦᠤᠷ ᠵᠡᠭᠡᠯᠢ ᠶᠢᠨ ᠬᠡᠷᠡᠭ ᠡᠷᠬᠢᠯᠡᠬᠦ ᠭᠠᠵᠠᠷ ᠯᠤᠭ᠎ᠠ | ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠥᠨᠥᠳᠦᠷ ᠤᠨ ᠲᠠᠨᠢᠵᠤ ᠠᠪᠤᠭᠰᠠᠨ ᠠᠷᠠᠳ ᠤᠨ | ᠲᠥᠯᠥᠭᠡ 3 ᠪᠣᠳᠠᠲᠤ ᠶᠠᠪᠤᠳᠠᠯ ᠢᠶᠠᠷ ᠭᠤᠤᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ | ᠭᠦᠨᠵᠡᠭᠡᠶᠢᠷᠡᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠣᠯᠠᠨ ᠲᠦᠮᠡᠨ ᠤ ᠲᠤᠰᠬᠠᠭᠰᠠᠨ | ᠬᠦᠴᠢᠷ ᠲᠦᠪᠡᠭᠲᠡᠶ ᠴᠡᠭ ᠢ ᠴᠠᠭ ᠲᠤᠬᠠᠶ ᠳᠤᠨᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ | ᠪᠤᠶᠤ ᠰᠠᠨᠠᠯ ᠳᠤᠷᠠᠳᠤᠯᠭ᠎ᠠ ᠪᠣᠯᠭᠠᠨ ᠬᠤᠪᠢᠷᠠᠭᠤᠯᠵᠤ᠂ ᠰᠢᠷ᠎ᠠ ᠬᠦᠤᠷ ᠵᠡᠭᠡᠯᠢ ᠶᠢᠨ ᠠᠵᠤ ᠠᠬᠤᠶ ᠶᠢᠨ | ᠬᠥᠭᠵᠢᠯᠲᠡ ᠳᠤ ᠬᠦᠴᠦᠨ ᠨᠡᠮᠡᠷᠢᠯᠡᠬᠦ ᠴᠢᠬᠤᠯᠠ ᠶᠠᠪᠤᠳᠠᠯ ᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠬᠤ᠂ | ᠠᠷᠠᠳ ᠤᠨ ᠠᠮᠢᠳᠤᠷᠠᠯ ᠤᠨ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ᠂ ᠣᠯᠠᠨ | ᠲᠦᠮᠡᠨ ᠤ ᠬᠦᠰᠡᠯ ᠡᠷᠡᠮᠡᠯᠵᠡᠯ ᠳᠤ ᠲᠦᠷᠭᠡᠨ ᠬᠠᠷᠢᠭᠤᠯᠲᠠ ᠥᠭᠬᠦ ᠶᠢ ᠦᠨᠡᠨ ᠬᠦ ᠪᠠᠲᠤᠯᠠᠵᠤ᠂ ᠦᠨᠳᠦᠰᠦᠨ | ᠱᠠᠲᠤᠨ ᠤ ᠵᠠᠰᠠᠯᠲᠠ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠨᠡᠮᠡᠷᠢᠯᠡᠬᠦ ᠬᠡᠷᠡᠭᠳᠠᠢ ᠭᠡᠵᠦ ᠵᠢᠭᠠᠵᠦ | ᠭᠠᠷᠭᠠᠪᠠ᠃ |